蒙古文网站Logo
ᠰᠢᠨᠬᠤᠸᠠ ᠮᠤᠩᠭ᠋ᠤᠯ ᠨᠧᠲ

ᠰᠷᠢ ᠯᠠᠨᠺᠡ ᠶᠢᠨ ᠬᠤᠭ ᠨᠤᠪᠰᠢ ᠪᠡᠷ ᠲᠦᠬᠦᠷᠦᠭᠰᠡᠨ ᠠᠭᠤᠯᠠ ᠨᠤᠷᠠᠵᠤ ᠬᠦᠮᠦᠨ ᠬᠠᠷ᠎ᠠ ᠡᠨᠳᠡᠵᠦ ᠰᠢᠷᠬᠠᠲᠤᠪᠠ

2017-04-17 11:32

    ᠰᠢᠨᠬᠤᠸᠠ ᠬᠤᠷᠢᠶ᠎ᠠ   ᠺᠤᠯᠤᠮᠪᠤ ᠶᠢᠨ 4 ᠰᠠᠷ᠎ᠠ ᠶᠢᠨ 16 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠬᠤᠸᠠᠩ ᠬᠠᠢ ᠮᠢᠨ ) 16 ᠤ ᠡᠲᠦᠷ᠂ ᠰᠷᠢ ᠯᠠᠨᠺᠡ ᠶᠢᠨ ᠠᠯᠪᠠᠨ ᠤ ᠲᠠᠯ᠎ᠠ ᠶᠢᠨ ᠬᠢᠨ 14 ᠤ ᠤᠷᠤᠢ ᠨᠡᠢᠢᠰᠯᠡᠯ ᠺᠤᠯᠤᠮᠪᠤ ᠶᠢᠨ ᠬᠤᠭ ᠨᠤᠪᠰᠢ ᠪᠡᠷ ᠲᠦᠭᠦᠷᠦᠭᠰᠡᠨ ᠠᠭᠤᠯᠠ ᠨᠤᠷᠠᠭᠰᠠ ᠡᠨᠳᠡᠯ ᠳ᠋ᠤ 5 ᠬᠡᠦᠬᠡᠳ ᠢ ᠪᠠᠭᠲᠠᠭᠠᠭᠰᠠᠨ 20 ᠬᠦᠮᠦᠨ ᠠᠮᠢ ᠨᠠᠰᠤ ᠪᠠᠨ ᠠᠯᠲᠠᠵᠤ᠂ 180 ᠤᠷᠴᠢᠮ ᠬᠦᠮᠦᠨ ᠰᠢᠷᠬᠠᠲᠤᠭᠰᠠᠨ ᠭᠡᠵᠦ ᠤᠨᠴᠠᠯᠠᠯ᠎ᠠ᠃

    15 ᠤ ᠤᠷᠤᠢ ᠰᠷᠢ ᠯᠠᠨᠺᠡ ᠶᠢᠨ ᠶᠡᠷᠦᠩᠬᠡᠢ ᠰᠠᠢᠢᠳ ᠲᠤᠬᠠᠢ ᠶᠢᠨ ᠤᠷᠤᠨ ᠤ ᠵᠠᠰᠠᠭ ᠤᠨ ᠭᠠᠵᠠᠷ ᠲᠤᠭᠲᠠᠭᠰᠠᠨ ᠴᠠᠭ ᠲᠠᠭᠠᠨ ᠬᠤᠭ ᠨᠤᠪᠰᠢ ᠶᠢ ᠰᠢᠯᠵᠢᠬᠦᠯᠦᠭᠰᠡᠨ ᠦᠭᠡᠢ ᠡᠴᠡ ᠪᠤᠯᠵᠤ ᠬᠠᠷᠠᠰᠠᠯᠲᠤ ᠬᠡᠷᠡᠭ ᠭᠠᠷᠤᠭᠰᠠᠨ ᠪᠠᠢᠢᠨ᠎ᠠ ᠭᠡᠵᠦ ᠶᠠᠷᠢᠪᠠ᠃

    ᠰᠷᠢ ᠯᠠᠨᠺᠡ ᠶᠢᠨ ᠭᠠᠮᠰᠢᠭ ᠡᠴᠡ ᠠᠪᠤᠷᠠᠬᠤ ᠶᠢ ᠵᠢᠯᠤᠭᠤᠳᠬᠤ ᠭᠠᠵᠠᠷ ᠤᠨ ᠠᠯᠪᠠᠨ ᠲᠤᠰᠢᠶᠠᠯᠲᠠᠨ ᠡᠴᠡ ᠪᠠᠷᠤᠭ 40 ᠠᠢᠢᠯ ᠡᠷᠦᠬᠡ ᠬᠤᠭ ᠨᠤᠪᠰᠢᠨ ᠳ᠋ᠤ ᠲᠠᠷᠤᠭᠲᠠᠨ᠂ ᠤᠲᠤᠬᠠᠨ ᠳ᠋ᠤ ᠭᠠᠮᠰᠢᠭ ᠡᠴᠡ ᠠᠪᠤᠷᠠᠬᠤ ᠠᠵᠢᠯ ᠶᠠᠪᠤᠭᠲᠠᠵᠤ ᠪᠠᠢᠢᠨ᠎ᠠ ᠭᠡᠵᠡᠢ᠃

    ᠲᠤᠬᠠᠢ ᠶᠢᠨ ᠤᠷᠤᠨ ᠤ ᠬᠡᠪᠯᠡᠯ ᠮᠡᠲᠡᠭᠡᠯᠡᠯ ᠤᠨ ᠮᠡᠲᠡᠭᠡᠯᠡᠭᠰᠡᠨ ᠶᠢᠡᠷ᠂ ᠰᠡᠬᠦᠯ ᠤᠨ ᠬᠡᠲᠦᠨ ᠰᠠᠷ᠎ᠠ ᠡᠴᠡ ᠨᠠᠭᠠᠰᠢ᠂ ᠲᠤᠬᠠᠢ ᠶᠢᠨ ᠤᠷᠤᠨ ᠤ ᠢᠷᠭᠡᠳ ᠬᠤᠭ ᠨᠤᠪᠰᠢ ᠢᠢ ᠰᠢᠯᠵᠢᠬᠦᠯᠬᠦ ᠶᠢ ᠵᠠᠰᠠᠭ ᠤᠨ ᠭᠠᠵᠠᠷ ᠲᠤ ᠪᠠᠢᠢᠨ ᠲᠠᠬᠢᠨ ᠱᠠᠭᠠᠷᠲᠠᠵᠤ ᠡᠰᠡᠷᠬᠦᠴᠡᠯ ᠲᠠᠯᠪᠢᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120823447