ᠰᠠᠨᠲ ᠫᠸᠲ᠋ᠸᠷᠪᠦ᠋ᠷᠡᠭ ᠤᠨ ᠮᠸᠲ᠋ᠷᠤ᠋ ᠶᠢᠨ ᠲᠡᠯᠪᠡᠴᠢᠯᠲᠡ ᠶᠢᠨ ᠬᠡᠷᠡᠭ ᠲᠤ ᠬᠤᠯᠪᠤᠭᠲᠠᠭᠰᠠᠨ ᠪᠠᠰᠠ ᠨᠢᠭᠡᠨ ᠰᠡᠵᠢᠭᠲᠡᠨ ᠢ ᠪᠠᠷᠢᠪᠴᠢᠯᠠᠪᠠ 2017-04-18 10:33

    ᠰᠢᠨᠬᠤᠸᠠ ᠬᠤᠷᠢᠶ᠎ᠠ    ᠮᠤᠰᠺᠸᠠ ᠶᠢᠨ 4 ᠰᠠᠷ᠎ᠠ ᠶᠢᠨ 17 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠠᠨ ᠰᠢᠶᠤᠤ ᠮᠸᠩ ) 17 ᠤ ᠡᠲᠦᠷ᠂ ᠮᠤᠰᠺᠸᠠ ᠶᠢᠨ ᠬᠤᠲᠠ ᠶᠢᠨ ᠲᠡᠭᠦᠷᠭᠡ ᠡᠴᠡ ᠰᠠᠨᠲ ᠫᠸᠲ᠋ᠸᠷᠪᠦ᠋ᠷᠡᠭ ᠤᠨ ᠮᠸᠲ᠋ᠷᠤ᠋ ᠶᠢᠨ ᠲᠡᠯᠪᠡᠴᠢᠯᠲᠡ ᠶᠢᠨ ᠬᠡᠷᠡᠭ ᠲᠤ ᠬᠤᠯᠪᠤᠭᠲᠠᠭᠰᠠᠨ ᠪᠠᠰᠠ ᠨᠢᠭᠡᠨ ᠰᠡᠵᠢᠭᠲᠡᠨ ᠢ ᠪᠠᠷᠢᠪᠴᠢᠯᠠᠭᠰᠠᠨ ᠭᠡᠵᠦ ᠤᠷᠤᠰ ᠤᠨ ᠠᠶᠤᠯᠬᠦᠢ ᠶᠢᠨ ᠲᠤᠪᠴᠢᠶ᠎ᠠ ᠤᠨᠴᠠᠯᠠᠪᠠ᠃

    ᠤᠢᠢᠯᠠᠭᠠᠭᠰᠠᠨ ᠶᠢᠡᠷ᠂ ᠪᠠᠷᠢᠪᠴᠢᠯᠠᠭᠲᠠᠭᠰᠠᠨ ᠰᠡᠵᠢᠭᠯᠡᠯᠲᠡᠨ ᠲᠤᠮᠲᠠᠲᠤ ᠠᠽᠢᠶ᠎ᠠ ᠶᠢᠨ ᠤᠲᠤᠮ ᠲᠠᠢ᠂ ᠤᠲᠤᠬᠠᠨ ᠳ᠋ᠤ ᠤᠷᠤᠰ ᠤᠨ ᠬᠤᠯᠪᠤᠭᠠᠨ ᠤ ᠪᠠᠢᠢᠴᠠᠭᠠᠬᠤ ᠵᠦᠪᠯᠡᠯ ᠳ᠋ᠦ ᠪᠠᠢᠢᠴᠠᠭᠠᠬᠳᠠᠵᠦ ᠪᠠᠢᠢᠨ᠎ᠠ᠃

    3 ᠤ ᠡᠲᠦᠷ ᠰᠠᠨᠲ ᠫᠸᠲ᠋ᠸᠷᠪᠦ᠋ᠷᠡᠭ ᠤᠨ ᠮᠸᠲ᠋ᠷᠤ᠋ ᠲᠡᠯᠪᠡᠴᠢᠭᠲᠡᠨ᠂ 14 ᠬᠦᠮᠦᠨ ᠠᠮᠢ ᠨᠠᠰᠤ ᠪᠠᠨ ᠠᠯᠲᠠᠵᠤ᠂ 50 ᠭᠠᠷᠤᠢ ᠬᠦᠮᠦᠨ ᠰᠢᠷᠬᠠᠲᠤᠪᠠ᠃ 6 ᠤ ᠡᠲᠦᠷ ᠤᠷᠤᠰ ᠤᠨ ᠬᠢᠨ ᠬᠡᠷᠡᠭ ᠲᠤ ᠬᠤᠯᠪᠤᠭᠲᠠᠭᠰᠠᠨ 8 ᠬᠦᠮᠦᠨ ᠢ ᠪᠠᠷᠢᠪᠴᠢᠯᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
010070230030000000000000011120791120829516