ᠫᠠᠷᠢᠰ ᠤᠨ ᠴᠠᠮᠫᠢᠰ ᠠᠯᠢᠰᠢᠰ ᠬᠤᠲᠠᠯᠲᠤᠭᠠᠨ ᠤ ᠵᠡᠭᠡᠯᠢ ᠳ᠋ᠤ ᠫᠤᠤᠲᠠᠯᠭ᠎ᠠ ᠶᠢᠨ ᠬᠡᠷᠡᠭ ᠭᠠᠷᠪᠠ 2017-04-21 11:49

    ᠰᠢᠨᠬᠤᠸᠠ ᠬᠤᠷᠢᠶ᠎ᠠ    ᠫᠠᠷᠢᠰ ᠤᠨ 4 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠬᠠᠨ ᠪᠢᠩ᠂ ᠵᠠᠩ ᠮᠠᠨ ) ᠹᠷᠠᠨᠼᠢ ᠶᠢᠨ ᠲᠤᠲᠤᠭᠠᠲᠤ ᠶᠠᠪᠤᠲᠠᠯ ᠤᠨ ᠶᠠᠮᠤᠨ ᠤ 20  ᠡᠲᠦᠷ ᠮᠡᠲᠡᠭᠡᠯᠡᠭᠰᠡᠨ ᠶᠢᠡᠷ᠂ ᠲᠤᠬᠠᠢ ᠶᠢᠨ ᠤᠷᠤᠢ ᠴᠠᠮᠫᠢᠰ ᠠᠯᠢᠰᠢᠰ ᠬᠤᠲᠠᠯᠲᠤᠭᠠᠨ ᠤ ᠵᠡᠭᠡᠯᠢ ᠳ᠋ᠤ ᠨᠢᠭᠡ ᠫᠤᠤᠲᠠᠭᠴᠢ ᠫᠠᠷᠢᠰ ᠤᠨ ᠴᠠᠭᠲᠠᠭᠠᠨ ᠤ ᠲᠡᠷᠭᠡ ᠤᠷᠤᠭᠤ ᠫᠤᠤᠲᠠᠵᠤ᠂ ᠨᠢᠭᠡ ᠴᠠᠭᠲᠠᠭ᠎ᠠ ᠪᠠᠶ᠎ᠠ ᠦᠷᠡᠭᠲᠡᠵᠦ᠂ ᠬᠤᠶᠠᠷ ᠴᠠᠭᠲᠠᠭ᠎ᠠ ᠬᠦᠨᠳᠦ ᠰᠢᠷᠬᠠᠲᠤᠪᠠ ᠭᠡᠵᠡᠢ᠃

    ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠢᠢᠭᠤᠯᠤᠯᠲᠠ《ᠢᠰᠯᠠᠮ ᠤᠨ ᠤᠯᠤᠰ》ᠲᠤᠰ ᠬᠡᠷᠡᠭ ᠲᠤ ᠬᠠᠷᠢᠭᠤᠴᠠᠯᠭ᠎ᠠ ᠡᠭᠦᠷᠭᠡᠯᠡᠨ᠎ᠡ ᠭᠡᠵᠦ ᠮᠡᠲᠡᠭᠲᠡᠪᠡ᠃

    ᠹᠷᠠᠨᠼᠢ ᠶᠢᠨ ᠶᠡᠷᠦᠩᠬᠡᠢᠢᠯᠡᠭᠴᠢ ᠤᠯᠠᠩᠳᠧᠲᠤᠬᠠᠢ ᠶᠢᠨ ᠤᠷᠤᠢ ᠰᠦᠷᠲᠡᠬᠦᠯᠦᠯ ᠢ ᠡᠰᠡᠷᠬᠦᠴᠡᠬᠦ  ᠪᠠᠢᠢᠴᠠᠭᠠᠬᠤ ᠶᠢᠨ ᠭᠠᠵᠠᠷ ᠡᠴᠡ ᠨᠢᠭᠡᠨᠲᠡ ᠲᠤᠰ ᠬᠡᠷᠡᠭ ᠤᠨ ᠲᠤᠬᠠᠢ ᠪᠠᠢᠢᠴᠠᠭᠠᠵᠤ ᠡᠬᠢᠯᠡᠭᠰᠡᠨ ᠭᠡᠵᠦ ᠢᠯᠡᠷᠬᠡᠢᠢᠯᠡᠪᠡ᠃

    ᠹᠷᠠᠨᠼᠢ ᠶᠢᠨ ᠶᠡᠷᠦᠩᠬᠡᠢᠢᠯᠡᠭᠴᠢ ᠶᠢᠨ ᠰᠤᠩᠭ᠋ᠤᠭᠤᠯᠢ ᠶᠢᠨ ᠠᠩᠬᠠᠨ ᠤ ᠡᠭᠡᠯᠵᠢ ᠶᠢᠨ ᠠᠵᠢᠯᠯᠠᠭ᠎ᠠ 4 ᠰᠠᠷ᠎ᠠ ᠶᠢᠨ 23 ᠤ ᠡᠲᠦᠷ ᠶᠠᠪᠤᠭᠲᠠᠨ᠎ᠠ᠃ ᠲᠤᠢᠢᠮᠤᠴᠢᠳ ᠤᠨ ᠦᠵᠡᠬᠦ ᠪᠡᠷ ᠡᠨᠡᠬᠦ ᠫᠤᠤᠲᠠᠯᠭ᠎ᠠ ᠶᠢᠨ ᠬᠡᠷᠡᠭ ᠨᠢ ᠰᠤᠩᠭ᠋ᠤᠭᠤᠯᠢ ᠶᠢᠨ ᠢᠷᠭᠡᠨ ᠤ ᠪᠠᠶ᠎ᠠ ᠰᠡᠳᠬᠢᠴᠡ ᠶᠢ ᠨᠦᠯᠦᠭᠡᠯᠡᠵᠦ᠂ ᠰᠤᠩᠭ᠋ᠤᠭᠤᠯᠢ ᠶᠢᠨ ᠠᠵᠢᠯᠯᠠᠭ᠎ᠠ ᠶᠢ ᠤᠯᠠᠮ ᠪᠤᠲᠤᠯᠢᠶᠠᠨᠲᠠᠢ ᠪᠤᠯᠭᠠᠬᠤ ᠪᠤᠯᠤᠨ᠎ᠠ ᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
010070230030000000000000011120791120850568