蒙古文网站Logo
ᠰᠢᠨᠬᠤᠸᠠ ᠮᠤᠩᠭ᠋ᠤᠯ ᠨᠧᠲ

ᠮᠸᠺᠰᠢᠺᠦ ᠠᠮᠸᠷᠢᠺᠠ ᠲᠠᠢ ᠭᠠᠭᠴᠠ ᠲᠠᠯ᠎ᠠ ᠪᠡᠷ ᠤᠮᠠᠷᠠᠲᠤ ᠠᠮᠸᠷᠢᠺᠠ ᠶᠢᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠵᠦᠪᠲᠡᠬᠦ ᠦᠭᠡᠢ ᠭᠡᠵᠡᠢ

2017-04-26 17:09

    ᠰᠢᠨᠬᠤᠸᠠ ᠬᠤᠷᠢᠶ᠎ᠠ   ᠮᠸᠺᠰᠢᠺᠦ ᠶᠢᠨ 4 ᠰᠠᠷ᠎ᠠ ᠶᠢᠨ 25 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠡᠦ ᠬᠤᠤ ) ᠮᠸᠺᠰᠢᠺᠦ ᠶᠢᠨ ᠭᠠᠲᠠᠭᠠᠲᠤ ᠶᠠᠪᠤᠲᠠᠯ ᠤᠨ ᠶᠠᠮᠤᠨ ᠤ ᠰᠠᠢᠢᠳ 25 ᠤ ᠡᠲᠦᠷ᠂ ᠮᠸᠺᠰᠢᠺᠦ ᠠᠮᠸᠷᠢᠺᠠ ᠲᠠᠢ ᠭᠠᠭᠴᠠ ᠲᠠᠯ᠎ᠠ ᠪᠡᠷ ᠤᠮᠠᠷᠠᠲᠤ ᠠᠮᠸᠷᠢᠺᠠ ᠶᠢᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠵᠦᠪᠲᠡᠬᠦ ᠦᠭᠡᠢ ᠭᠡᠵᠡᠢ᠃ ᠲᠡᠷᠡᠪᠡᠷ ᠤᠮᠠᠷᠠᠲᠤ ᠠᠮᠸᠷᠢᠺᠠ ᠶᠢᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠵᠦᠪᠲᠡᠬᠦ ᠳ᠋ᠤ ᠮᠸᠺᠰᠢᠺᠦ᠂ ᠺᠠᠨᠠᠲᠠ᠂ ᠠᠮᠸᠷᠢᠺᠠ ᠭᠤᠷᠪᠠᠨ ᠤᠯᠤᠰ ᠬᠠᠮᠲᠤ ᠪᠡᠷ ᠠᠷᠠᠯᠵᠢᠶ᠎ᠠ ᠬᠤᠲᠠᠯᠲᠤᠭ᠎ᠠ᠂ ᠨᠡᠬᠦᠲᠡᠯ ᠢᠷᠭᠡᠨ᠂ ᠠᠮᠤᠷ ᠲᠦᠪᠰᠢᠨ᠂ ᠰᠤᠶᠤᠯ ᠤᠷᠠᠯᠢᠭ᠂ ᠰᠤᠷᠭᠠᠨ ᠬᠦᠮᠦᠵᠢᠯ ᠵᠡᠷᠭᠡ ᠡᠯ᠎ᠡ ᠴᠠᠷᠠᠭ᠎ᠠ ᠬᠦᠷᠢᠶ᠎ᠠ ᠶᠢ ᠬᠠᠮᠤᠷᠪᠠᠯ ᠵᠤᠬᠢᠨ᠎ᠠ ᠭᠡᠵᠡᠢ᠃

    ᠠᠮᠸᠷᠢᠺᠠ᠂ ᠺᠠᠨᠠᠳᠠ᠂ ᠮᠸᠺᠰᠢᠺᠦ ᠭᠤᠷᠪᠠᠨ ᠤᠯᠤᠰ 1994 ᠤᠨ ᠳ᠋ᠤ ᠤᠮᠠᠷᠠᠲᠤ ᠠᠮᠸᠷᠢᠺᠠ ᠶᠢᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠲᠤᠭᠲᠠᠪᠠ᠃ ᠠᠮᠸᠷᠢᠺᠠ ᠶᠢᠨ ᠶᠡᠷᠦᠩᠬᠡᠢᠢᠯᠡᠭᠴᠢ ᠲᠷᠠᠮᠫ ᠶᠡᠷᠦᠩᠬᠡᠢᠢᠯᠡᠭᠴᠢ ᠶᠢᠨ ᠦᠷᠢᠰᠦᠯᠲᠦᠭᠡᠨ ᠳ᠋ᠤ ᠤᠷᠤᠯᠴᠠᠭᠰᠠᠨ ᠡᠴᠡ ᠨᠠᠭᠠᠰᠢ ᠲᠤᠰ ᠬᠡᠯᠡᠯᠴᠡᠭᠡᠷ ᠡᠴᠡ ᠪᠤᠯᠵᠤ ᠠᠮᠸᠷᠢᠺᠠ ᠶᠢᠨ ᠦᠢᠯᠡᠳᠬᠦ ᠠᠵᠢᠯ ᠤᠨ ᠪᠠᠢᠢᠷᠢ ᠮᠸᠺᠰᠢᠺᠦ ᠲᠠᠢᠢᠰᠢ ᠰᠢᠯᠵᠢᠭᠰᠡᠨ ᠭᠡᠵᠦ ᠰᠢᠬᠦᠮᠵᠢᠯᠡᠭᠰᠡᠨ ᠪᠦᠭᠡᠳ ᠶᠡᠷᠦᠩᠬᠡᠢᠢᠯᠡᠭᠴᠢ ᠪᠤᠯᠤᠭᠰᠠᠨ ᠤ 100 ᠡᠲᠦᠷ ᠤᠨ ᠲᠤᠲᠤᠷ᠎ᠠ ᠲᠤᠰ ᠬᠡᠯᠡᠯᠴᠡᠭᠡᠷ ᠢ ᠲᠠᠬᠢᠨ ᠵᠦᠪᠲᠡᠨ ᠶᠠᠷᠢᠯᠴᠠᠬᠤ ᠪᠤᠯᠤᠨ᠎ᠠ ᠭᠡᠵᠡᠢ᠃ ᠠᠮᠸᠷᠢᠺᠠ ᠶᠢᠨ ᠬᠡᠪᠯᠡᠯ ᠮᠡᠲᠡᠭᠡᠯᠡᠯ ᠤᠨ ᠬᠢᠨ ᠤ ᠦᠵᠡᠬᠦ ᠪᠡᠷ ᠶᠠᠷᠢᠯᠴᠠᠨ ᠵᠦᠪᠲᠡᠬᠦ ᠠᠵᠢᠯᠯᠠᠭ᠎ᠠ ᠡᠨᠡ ᠤᠨ ᠤ 7 ᠰᠠᠷ᠎ᠠ ᠪᠡᠷ ᠡᠬᠢᠯᠡᠨ᠎ᠡ ᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120878971