蒙古文网站Logo
ᠰᠢᠨᠬᠤᠸᠠ ᠮᠤᠩᠭ᠋ᠤᠯ ᠨᠧᠲ

《ᠨᠢᠭᠡ ᠪᠦᠰᠡ ᠨᠢᠭᠡ ᠵᠠᠮ》 ᠨᠢ ᠵᠡᠬᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠠᠬ᠎ᠠ ᠵᠡᠭᠡᠯᠢ ᠶᠢᠨ ᠬᠡᠪᠴᠢᠶ᠎ᠠ ᠶᠢ ᠦᠷᠭᠡᠳᠭᠡᠬᠦ ᠪᠤᠯᠤᠨ᠎ᠠ ᠭᠡᠵᠦ ᠹᠢᠯᠢᠫᠢᠨ ᠤ ᠶᠡᠷᠦᠩᠬᠡᠢᠢᠯᠡᠭᠴᠢ ᠦᠵᠡᠪᠡ

2017-05-02 12:34

    ᠰᠢᠨᠬᠤᠸᠠ ᠬᠤᠷᠢᠶ᠎ᠠ   ᠮᠠᠨᠢᠯᠠ ᠶᠢᠨ 4 ᠰᠠᠷ᠎ᠠ ᠶᠢᠨ 30 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠳ᠋ᠦᠩ ᠴᠸᠩ ᠸᠸᠨ ) ᠰᠡᠬᠦᠯ ᠤᠨ ᠦᠶ᠎ᠠ ᠳ᠋ᠤ ᠬᠤᠷᠠᠯᠲᠤᠭᠰᠠᠨ ᠠᠷᠪᠠᠨ ᠭᠤᠷᠪᠠᠲᠤᠭᠠᠷ ᠬᠤᠭᠤᠴᠠᠭᠠᠨ ᠤ ᠵᠡᠬᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠲᠦᠷᠦᠭᠦᠴᠤᠳ ᠤᠨ ᠬᠤᠷᠠᠯ ᠤᠨ ᠲᠠᠷᠠᠭ᠎ᠠ᠂ 《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠨᠢ ᠵᠡᠬᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠭᠡᠰᠢᠬᠦᠨ ᠤᠯᠤᠰ ᠲᠤ ᠠᠰᠢᠭᠲᠠᠢ᠂ ᠲᠤᠰ ᠤᠷᠤᠨ ᠤ ᠵᠠᠬ᠎ᠠ ᠵᠡᠬᠡᠯᠢ ᠶᠢᠨ ᠬᠡᠪᠴᠢᠶ᠎ᠠ ᠶᠢ ᠦᠷᠭᠡᠳᠭᠡᠬᠦ ᠪᠤᠯᠤᠨ᠎ᠠ ᠭᠡᠵᠦ ᠹᠢᠯᠢᠫᠢᠨ ᠤ ᠶᠡᠷᠦᠩᠬᠡᠢᠢᠯᠡᠭᠴᠢ ᠳ᠋ᠦᠲ᠋ᠸᠷᠲ ᠢᠯᠡᠷᠬᠡᠶᠢᠯᠡᠪᠡ᠃

    4 ᠰᠠᠷ᠎ᠠ ᠶᠢᠨ 29 ᠤ ᠡᠲᠦᠷ᠂ ᠳ᠋ᠦᠲ᠋ᠸᠷᠲ ᠬᠡᠪᠯᠡᠯ ᠮᠡᠲᠡᠭᠡᠯᠡᠯ ᠤᠨ ᠰᠡᠳᠬᠦᠯᠴᠢᠳ ᠤᠨ ᠰᠤᠷᠪᠤᠯᠵᠢᠯᠠᠭ᠎ᠠ ᠶᠢ ᠬᠦᠯᠢᠶᠡᠨ᠂ 《ᠨᠢᠭᠡ ᠪᠦᠰᠡ ᠨᠢᠭᠡ ᠵᠠᠮ》 ᠨᠢ ᠠᠽᠢᠶ᠎ᠠ ᠲᠢᠪ ᠡᠴᠡ ᠡᠬᠢᠯᠡᠯ ᠲᠠᠢ ᠪᠤᠯᠬᠤᠷ ᠵᠡᠬᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠳ᠋ᠤ ᠲᠦᠢᠯ ᠤᠨ ᠴᠢᠬᠤᠯᠠ ᠶᠤᠮ ᠭᠡᠵᠡᠢ᠃ ᠲᠡᠷᠡᠪᠡᠷ ᠪᠠᠰᠠ 5 ᠰᠠᠷ᠎ᠠ ᠪᠡᠷ ᠪᠡᠭᠡᠵᠢᠩ ᠳ᠋ᠤ ᠶᠠᠪᠤᠭᠲᠠᠬᠤ ᠭᠡᠵᠦ ᠪᠠᠶᠢᠭ᠎ᠠ 《ᠨᠢᠭᠡ ᠪᠦᠰᠡ ᠨᠢᠭᠡ ᠵᠠᠮ》 ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠡᠭᠡᠳᠦ ᠵᠢᠩᠲᠠᠭᠠᠨ ᠤ ᠴᠢᠭᠤᠯᠭ᠎ᠠ ᠠᠭᠤᠯᠵᠠᠯᠲᠠ ᠳ᠋ᠤ ᠤᠷᠤᠯᠴᠠᠬᠤ ᠪᠤᠯᠤᠨ᠎ᠠ ᠭᠡᠪᠡ᠂ ᠲᠤᠮᠲᠠᠲᠤ ᠤᠯᠤᠰ ᠹᠢᠯᠢᠫᠢᠨ ᠳ᠋ᠤ ᠬᠦᠷᠦᠩᠭᠡ ᠤᠷᠤᠭᠤᠯᠤᠭᠰᠠᠨ ᠳ᠋ᠤ ᠪᠠᠶᠠᠷᠯᠠᠵᠤ ᠪᠠᠢᠢᠬᠤ ᠪᠠᠨ ᠢᠯᠡᠷᠬᠡᠶᠢᠯᠡᠪᠡ᠃

    ᠡᠨᠡ ᠵᠢᠯ ᠤᠨ 4 ᠰᠠᠷ᠎ᠠ ᠡᠴᠡ ᠹᠢᠯᠢᠫᠢᠨ ᠤ ᠵᠠᠰᠠᠭ ᠤᠨ ᠭᠠᠵᠠᠷ ᠲᠡᠳ᠋ ᠪᠦᠲᠦᠴᠡ ᠶᠢᠨ ᠪᠠᠶᠢᠭᠤᠯᠤᠯᠲᠠ ᠶᠢᠨ ᠲᠦᠰᠦᠯ ᠢ ᠬᠡᠷᠡᠭᠵᠢᠬᠦᠯᠵᠦ᠂ ᠵᠢᠯ ᠤᠨ ᠲᠤᠲᠤᠷ᠎ᠠ 8.4 ᠲᠦᠮᠡᠨ ᠳ᠋ᠦᠩᠰᠢᠭᠤᠷ ᠹᠢᠯᠢᠫᠢᠨ ᠫᠸᠰᠤ᠋ ( ᠨᠤᠭᠤᠯᠤᠨ ᠪᠤᠲᠤᠪᠠᠯ 1672 ᠳ᠋ᠦᠩᠰᠢᠭᠤᠷ ᠳ᠋ᠤᠯᠯᠠᠷ ) ᠬᠦᠷᠦᠩᠭᠡ ᠤᠷᠤᠭᠤᠯᠬᠤ ᠪᠡᠷ ᠲᠦᠯᠦᠪᠯᠡᠵᠦ ᠪᠤᠢ᠃ ᠤᠲᠤᠬᠠᠨ ᠳ᠋ᠤ ᠪᠠᠷᠢᠯᠭ᠎ᠠ ᠡᠬᠢᠯᠡᠬᠦᠯᠦᠭᠰᠡᠨ ᠲᠦᠰᠦᠯ 30 ᠭᠠᠷᠤᠢ ᠪᠤᠢ᠃ ᠲᠤᠬᠠᠢ ᠶᠢᠨ ᠤᠷᠤᠨ ᠤ ᠲᠤᠶᠢᠮᠤᠴᠢᠳ ᠤᠨ ᠦᠵᠡᠬᠦ ᠪᠡᠷ᠂ ᠲᠤᠮᠲᠠᠲᠤ ᠹᠢᠯᠢᠫᠢᠨ ᠲᠡᠳ᠋ ᠪᠦᠲᠦᠴᠡ ᠶᠢᠨ ᠰᠠᠯᠪᠤᠷᠢ ᠳ᠋ᠤ ᠯᠤᠲᠤ ᠶᠡᠬᠡ ᠬᠠᠮᠲᠤᠷᠠᠯᠴᠠᠬᠤ ᠬᠦᠴᠦᠨ ᠲᠠᠢ ᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120904599