蒙古文网站Logo
ᠰᠢᠨᠬᠤᠸᠠ ᠮᠤᠩᠭ᠋ᠤᠯ ᠨᠧᠲ

ᠤᠷᠤᠰ ᠤᠨ ᠬᠤᠯᠪᠤᠭᠠᠨ ᠤ ᠪᠦᠭᠦᠲᠠ ᠨᠠᠶᠢᠷᠠᠮᠲᠠᠬᠤ ᠲᠤᠸᠠ ᠤᠯᠤᠰ ᠡᠴᠡ ᠲᠤᠮᠲᠠᠲᠤ ᠤᠯᠤᠰ ᠤᠨ ᠠᠵᠤ ᠠᠬᠤᠶᠢᠯᠠᠯ ᠳ᠋ᠤ ᠬᠦᠷᠦᠩᠭᠡ ᠤᠷᠤᠭᠤᠯᠬᠤ ᠲᠦᠰᠦᠯ ᠢᠶᠡᠨ ᠲᠠᠨᠢᠯᠴᠠᠭᠤᠯᠪᠠ

2017-05-02 12:35

    ᠰᠢᠨᠬᠤᠸᠠ ᠬᠤᠷᠢᠶ᠎ᠠ   ᠤᠷᠤᠰ ᠤᠨ ᠬᠤᠯᠪᠤᠭᠠᠨ ᠤ ᠪᠦᠭᠦᠲᠠ ᠨᠠᠶᠢᠷᠠᠮᠲᠠᠬᠤ ᠲᠤᠸᠠ ᠤᠯᠤᠰ ᠤᠨ ᠺᠸᠶᠢᠽᠶᠢᠯ ᠤᠨ 4 ᠰᠠᠷ᠎ᠠ ᠶᠢᠨ 29 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠬᠤ ᠰᠢᠶᠤᠤ ᠭᠤᠸᠠᠩ ) 29 ᠤ ᠡᠲᠦᠷ᠂ ᠺᠸᠶᠢᠽᠶᠢᠯ ᠳ᠋ᠤ ᠤᠷᠤᠰ ᠤᠨ ᠬᠤᠯᠪᠤᠭᠠᠨ ᠤ ᠪᠦᠭᠦᠲᠠ ᠨᠠᠶᠢᠷᠠᠮᠲᠠᠬᠤ ᠲᠤᠸᠠ ᠤᠯᠤᠰ ᠤᠨ ᠵᠠᠰᠠᠭ ᠤᠨ ᠭᠠᠵᠠᠷ ᠡᠴᠡ ᠲᠤᠮᠲᠠᠲᠤ ᠤᠯᠤᠰ ᠤᠨ ᠠᠵᠤ ᠠᠬᠤᠶᠢᠯᠠᠯ ᠳ᠋ᠤ ᠨᠡᠬᠦᠷᠡᠰᠦ᠂ ᠠᠭᠤᠷᠬᠠᠢ᠂ ᠡᠷᠴᠢᠮ ᠬᠦᠴᠦ᠂ ᠲᠡᠮᠦᠷ ᠵᠠᠮ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠳ᠋ᠤ ᠬᠦᠷᠦᠩᠭᠡ ᠤᠷᠤᠭᠤᠯᠬᠤ ᠲᠤᠬᠠᠢ ᠲᠠᠨᠢᠯᠴᠠᠭᠤᠯᠤᠭ᠎ᠠ ᠶᠢᠨ ᠠᠵᠢᠯᠯᠠᠭ᠎ᠠ ᠪᠤᠯᠪᠠ᠃ ᠠᠵᠢᠯᠯᠠᠭ᠎ᠠ ᠶᠢᠨ ᠦᠶ᠎ᠠ ᠪᠡᠷ ᠤᠷᠤᠰ ᠤᠨ ᠬᠤᠯᠪᠤᠭᠠᠨ ᠤ ᠪᠦᠭᠦᠲᠠ ᠨᠠᠶᠢᠷᠠᠮᠲᠠᠬᠤ ᠲᠤᠸᠠ ᠤᠯᠤᠰ ᠤᠨ ᠲᠡᠷᠢᠬᠦᠨ᠂ ᠲᠤᠸᠠ ᠶᠢᠨ ᠪᠠᠶᠢᠭᠠᠯᠢ ᠶᠢᠨ ᠡᠬᠢ ᠪᠠᠶᠠᠯᠢᠭ ᠡᠯᠪᠡᠭ᠌᠂ ᠲᠤᠮᠲᠠᠲᠤ ᠶᠢᠨ ᠠᠵᠤ ᠠᠬᠤᠶᠢᠯᠲᠠᠨ ᠢ ᠬᠦᠨᠳᠦᠳᠭᠡᠨ ᠤᠷᠢᠵᠤ ᠪᠠᠶᠢᠨ᠎ᠠ ᠭᠡᠵᠦ ᠢᠯᠡᠷᠬᠡᠶᠢᠯᠡᠪᠡ᠃

    ᠲᠤᠮᠲᠠᠲᠤ ᠤᠯᠤᠰ ᠡᠴᠡ ᠤᠷᠤᠰ ᠲᠤ ᠰᠠᠭᠤᠭ᠎ᠠ ᠡᠯᠴᠢᠨ ᠰᠠᠶᠢᠳ ᠯᠢ ᠡᠾᠦ᠋ᠢ ᠲᠠᠨᠢᠯᠴᠠᠭᠤᠯᠭ᠎ᠠ ᠶᠢᠨ ᠬᠤᠷᠠᠯ ᠤᠨ ᠦᠶ᠎ᠠ ᠪᠡᠷ᠂ ᠲᠤᠮᠲᠠᠲᠤ ᠤᠯᠤᠰ ᠤᠯᠠᠨ ᠵᠢᠯ ᠲᠠᠷᠠᠭᠠᠯᠠᠨ ᠤᠷᠤᠰ ᠤᠨ ᠬᠠᠮᠤᠭ ᠤᠨ ᠲᠤᠮᠤ ᠠᠷᠠᠯᠵᠢᠶᠠᠨ ᠤ ᠬᠠᠨᠢᠲᠠᠨ᠂ ᠤᠷᠤᠰ ᠤᠨ ᠬᠦᠷᠦᠩᠭᠡ ᠤᠷᠤᠭᠤᠯᠤᠯᠲᠠ ᠶᠢᠨ ᠲᠦᠷᠪᠡᠲᠦᠭᠡᠷ ᠲᠤᠮᠤ ᠤᠯᠤᠰ ᠪᠤᠯᠤᠭᠰᠠᠭᠠᠷ ᠢᠷᠡᠭᠰᠡᠨ᠂ ᠲᠤᠮᠲᠠᠲᠤ ᠶᠢᠨ ᠲᠠᠯ᠎ᠠ ᠶᠢᠨ ᠠᠵᠤ ᠠᠬᠤᠶᠢᠯᠠᠯ ᠤᠳ ᠤᠨ ᠤᠷᠤᠰ ᠲᠤ ᠬᠦᠷᠦᠩᠭᠡ ᠤᠷᠤᠭᠤᠯᠬᠤ ᠶᠢ ᠲᠡᠮᠵᠢᠨ᠎ᠡ ᠭᠡᠵᠡᠢ᠃

    ᠤᠶᠢᠯᠠᠭᠠᠭᠰᠠᠨ ᠢᠶᠡᠷ᠂ ᠲᠤᠮᠲᠠᠲᠤ ᠤᠯᠤᠰ ᠤᠨ ᠬᠠᠷᠠᠮᠦ᠋ᠷᠡᠨ ᠮᠤᠵᠢ ᠢᠶᠨ ᠯᠦᠩ ᠰᠢᠩ ᠤᠯᠠᠨ ᠤᠯᠤᠰ ᠤᠨ ᠡᠨ᠋ᠸᠷᠬᠢ ᠨᠡᠬᠡᠬᠡᠨ ᠬᠦᠭ᠍ᠵᠢᠬᠦᠯᠬᠦ ᠪᠦᠯᠦᠭᠯᠡᠯ ᠲᠤᠸᠠ ᠳ᠋ᠤ ᠲᠠᠮᠦᠷᠯᠢᠭ᠌᠌ ᠤᠨ ᠠᠭᠤᠷᠬᠠᠢ ᠨᠡᠬᠡᠬᠡᠵᠦ᠂ ᠠᠩᠬᠠᠨ ᠤ ᠡᠭᠡᠯᠵᠢ ᠳ᠋ᠤ 36 ᠳ᠋ᠦᠩᠰᠢᠭᠤᠷ ᠬᠦᠷᠦᠩᠭᠡ ᠤᠷᠤᠭᠤᠯᠵᠤ᠂ 2015 ᠤᠨ ᠤ 6 ᠰᠠᠷ᠎ᠠ ᠡᠴᠡ ᠠᠵᠢᠯ ᠡᠬᠢᠯᠡᠬᠦᠯᠪᠡ᠂ 8 ᠵᠢᠯ ᠤᠨ ᠬᠤᠭᠤᠴᠠᠭ᠎ᠠ ᠬᠡᠷᠡᠭᠰᠡᠨ᠎ᠡ᠃ ᠬᠤᠶᠠᠲᠤᠭᠠᠷ ᠡᠭᠡᠯᠵᠢ ᠶᠢ ᠡᠨᠡ ᠵᠢᠯ ᠤᠨ 5 ᠰᠠᠷ᠎ᠠ ᠳ᠋ᠤ ᠡᠬᠢᠯᠡᠬᠦᠯᠪᠡ᠂ ᠠᠷᠠᠳ ᠤᠨ ᠵᠤᠭᠤᠰ ᠢᠶᠡᠷ 6 ᠳ᠋ᠦᠩᠰᠢᠭᠤᠷ ᠤᠨ ᠬᠦᠷᠦᠩᠭᠡ ᠤᠷᠤᠭᠤᠯᠬᠤ ᠪᠡᠷ ᠲᠦᠯᠦᠪᠯᠡᠵᠦ ᠪᠤᠢ᠃

    ᠲᠠᠨᠢᠯᠴᠠᠭᠤᠯᠭ᠎ᠠ ᠶᠢᠨ ᠠᠵᠢᠯᠯᠠᠭ᠎ᠠ ᠶᠢᠨ ᠦᠶ᠎ᠠ ᠪᠡᠷ᠂ ᠲᠤᠮᠲᠠᠲᠤ ᠤᠯᠤᠰ ᠤᠨ ᠠᠵᠤ ᠦᠢᠯᠡᠳᠪᠦᠷᠢ ᠬᠤᠲᠠᠯᠲᠤᠭ᠎ᠠ ᠶᠢᠨ ᠪᠠᠩᠬᠢ ( ᠤᠷᠤᠰ )᠂ ᠲᠤᠮᠲᠠᠲᠤ ᠤᠯᠤᠰ ᠤᠨ ᠲᠡᠮᠦᠷ ᠤᠨ ᠵᠠᠮ ᠤᠨ ᠪᠠᠶᠢᠭᠤᠯᠤᠯᠲᠠ ᠶᠢᠨ ᠪᠦᠯᠦᠭᠯᠡᠯ ( ᠤᠷᠤᠰ)᠂ ᠤᠯᠤᠰ ᠤᠨ ᠨᠡᠬᠡᠬᠡᠨ ᠬᠦᠭ᠍ᠵᠢᠬᠦᠯᠦᠯᠲᠡ ᠶᠢᠨ ᠪᠠᠩᠬᠢ ᠶᠢᠨ ᠬᠠᠷᠠᠮᠦ᠋ᠷᠡᠨ ᠳ᠋ᠡᠬᠢ ᠰᠠᠯᠪᠤᠷᠢ᠂ ᠯᠦᠩ ᠰᠢᠩ ᠺᠤᠮᠫᠠᠨᠢ ᠵᠡᠷᠭᠡ ᠪᠠᠢᠢᠭᠤᠯᠤᠯᠭ᠎ᠠ ᠤᠷᠤᠯᠴᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120904601