蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠤᠯᠤᠰ ᠤᠨ ᠤᠯᠤᠰ ᠤᠨ ᠶᠡᠬᠡ ᠬᠤᠷᠠᠯ ᠤᠨ ᠲᠠᠷᠤᠭ᠎ᠠ᠄ ᠮᠤᠩᠭ᠋ᠤᠯ ᠲᠤᠮᠳᠠᠳᠤ ᠶᠢᠨ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠬᠠᠮᠳᠤ ᠶᠢᠨ ᠠᠵᠢᠯᠯᠠᠭ᠎ᠠ ᠶᠢ ᠲᠡᠭᠡᠳᠤ ᠬᠡᠮᠵᠢᠶ᠎ᠡ ᠪᠡᠷ ᠴᠢᠬᠤᠯᠠᠴᠢᠯᠠᠨ ᠦᠵᠡᠵᠤ ᠪᠤᠢ

2017-05-03 10:51

    ᠰᠢᠨᠬᠤᠸᠠ ᠬᠤᠷᠢᠶ᠎ᠠ  ᠤᠯᠠᠭᠠᠨᠪᠠᠭᠠᠳᠤᠷ ᠤᠨ 5 ᠰᠠᠷ᠎ᠠ ᠶᠢᠨ 2 ᠤᠨ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠠᠰᠬᠠᠨ)  ᠮᠤᠩᠭ᠋ᠤᠯ ᠤᠯᠤᠰ ᠤᠨ ᠤᠯᠤᠰ ᠤᠨ ᠶᠡᠬᠡ ᠬᠤᠷᠠᠯ ᠤᠨ ᠲᠠᠷᠤᠭ᠎ᠠ ᠡᠩᠬᠡᠪᠤᠯᠤᠳ 2 ᠤᠨ ᠡᠳᠤᠷ ᠤᠯᠠᠭᠠᠨᠪᠠᠭᠠᠳᠤᠷ ᠲᠤ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠲᠠᠷᠤᠭ᠎ᠠ ᠪᠠᠢ ᠴᠦᠨ ᠯᠢ ᠶᠢ ᠬᠦᠯᠢᠶᠡᠨ ᠠᠪᠴᠤ ᠠᠭᠤᠯᠵᠠᠬᠤ ᠳᠤ ᠪᠡᠨ᠂ ᠮᠤᠩᠭ᠋ᠤᠯ ᠤᠯᠤᠰ ᠨᠢ ᠮᠤᠩᠭ᠋ᠤᠯ ᠲᠤᠮᠳᠠᠳᠤ ᠶᠢᠨ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠬᠠᠮᠳᠤ ᠶᠢᠨ ᠠᠵᠢᠯᠯᠠᠭ᠎ᠠ ᠶᠢ ᠲᠡᠭᠡᠳᠤ ᠬᠡᠮᠵᠢᠶ᠎ᠡ ᠪᠡᠷ ᠴᠢᠬᠤᠯᠠᠴᠢᠯᠠᠨ ᠦᠵᠡᠵᠤ ᠪᠤᠢ᠂ ᠬᠤᠶᠠᠷ ᠤᠯᠤᠰ ᠤᠨ ᠬᠤᠯᠪᠤᠭᠳᠠᠬᠤ ᠰᠠᠯᠠᠭ᠎ᠠ ᠮᠦᠴᠢᠷ《 ᠨᠢᠬᠡ ᠪᠦᠰᠡ ᠨᠢᠬᠡ ᠵᠠᠮ》 ᠤᠨ ᠬᠦᠷᠢᠶᠡᠨ ᠳᠤ ᠦᠷᠬᠦᠯᠵᠢᠯᠡᠨ ᠬᠠᠮᠳᠤ ᠶᠢᠨ ᠠᠵᠢᠯᠯᠠᠭ᠎ᠠ ᠦᠷᠨᠢᠬᠦᠯᠬᠦ ᠶᠢ ᠬᠦᠰᠡᠵᠤ ᠪᠠᠶᠢᠨ᠎ᠠ ᠬᠡᠵᠡᠢ᠃

    ᠠᠭᠤᠯᠵᠠᠯᠳᠠ ᠳᠤ᠂ ᠡᠩᠬᠡᠪᠤᠯᠤᠳ ᠲᠤᠮᠳᠠᠳᠤ ᠤᠯᠤᠰ ᠤᠨ ᠬᠤᠯᠪᠤᠭᠳᠠᠬᠤ ᠰᠠᠯᠠᠭ᠎ᠠ ᠮᠦᠴᠢᠷ ᠤᠨ ᠬᠢᠨ ᠤ ᠮᠤᠩᠭ᠋ᠤᠯ ᠤᠯᠤᠰ ᠲᠤ ᠰᠢᠯᠢᠳᠡᠭ ᠵᠠᠯᠠᠭᠤ ᠪᠤᠯᠪᠠᠰᠤᠨ ᠬᠦᠴᠦᠨ ᠢ ᠬᠦᠮᠦᠵᠢᠬᠦᠯᠬᠦ ᠳᠤ ᠬᠤᠪᠢ ᠨᠡᠮᠡᠷᠢ ᠦᠵᠡᠬᠦᠯᠦᠭᠰᠡᠨ ᠳᠤ ᠲᠠᠯᠠᠷᠬᠠᠯ ᠢᠯᠡᠷᠬᠡᠶᠢᠯᠡᠪᠡ᠃ ᠲᠡᠷᠡ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠬᠠᠮᠳᠤ ᠶᠢᠨ ᠠᠵᠢᠯᠯᠠᠭ᠎ᠠ ᠨᠢ ᠲᠤᠮᠳᠠᠳᠤ ᠮᠤᠩᠭ᠋ᠤᠯ ᠤᠷᠤᠰ ᠤᠨ ᠡᠳ᠋ ᠤᠨ ᠵᠠᠰᠠᠭ ᠤᠨ ᠬᠤᠩᠬᠢᠯ ᠤᠨ ᠬᠦᠭ᠍ᠵᠢᠯᠳᠡ ᠶᠢᠨ ᠪᠦᠲᠦᠭᠡᠨ ᠪᠠᠶᠢᠭᠤᠯᠤᠯᠳᠠ ᠳᠤ ᠴᠢᠬᠤᠯᠠ ᠡᠬᠦᠷᠬᠡ ᠬᠦᠢᠴᠡᠳᠬᠡᠨ᠎ᠡ᠃ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠪᠤᠯᠤᠨ ᠮᠤᠩᠭ᠋ᠤᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ《 ᠨᠢᠬᠡ ᠪᠦᠰᠡ ᠨᠢᠬᠡ ᠵᠠᠮ》 ᠤᠨ ᠬᠦᠷᠢᠶᠡᠨ ᠳᠤ ᠦᠷᠬᠦᠯᠵᠢᠯᠡᠨ ᠨᠢᠬᠳᠠ ᠬᠠᠮᠳᠤ ᠶᠢᠨ ᠠᠵᠢᠯᠯᠠᠭ᠎ᠠ ᠦᠷᠨᠢᠬᠦᠯᠬᠦ ᠶᠢ ᠬᠦᠰᠡᠵᠤ ᠪᠠᠶᠢᠨ᠎ᠠ ᠬᠡᠵᠡᠢ᠃

    ᠲᠤᠰ ᠡᠳᠤᠷ᠂ ᠮᠤᠩᠭ᠋ᠤᠯ ᠤᠯᠤᠰ ᠤᠨ ᠶᠡᠷᠦᠩᠬᠡᠢ ᠰᠠᠶᠢᠳ ᠡᠷᠳᠡᠨᠢᠪᠠᠳᠤ ᠪᠠᠢ ᠴᠦᠨ ᠯᠢ ᠲᠠᠢ ᠠᠭᠤᠯᠵᠠᠪᠠ᠃ ᠲᠡᠷᠡ᠂ ᠬᠤᠶᠠᠷ ᠲᠤᠯᠤᠭ᠎ᠠ ᠬᠤᠨᠤᠭ ᠤᠨ ᠲᠠᠷᠠᠭ᠎ᠠ ᠪᠡᠭᠡᠵᠢᠩ ᠳᠤ《ᠨᠢᠬᠡ ᠪᠦᠰᠡ ᠨᠢᠬᠡ ᠵᠠᠮ》ᠤᠯᠠᠨ ᠤᠯᠤᠰ ᠤᠨ ᠬᠠᠮᠳᠤ ᠶᠢᠨ ᠠᠵᠢᠯᠯᠠᠭ᠎ᠠ ᠶᠢᠨ ᠲᠡᠭᠡᠳᠤ ᠲᠦᠪᠰᠢᠨ ᠤ ᠹᠤᠷᠦ᠋ᠮ ᠳᠤ ᠤᠷᠤᠯᠴᠠᠬᠤ ᠪᠠᠨ ᠬᠦᠰᠡᠨ ᠬᠦᠯᠢᠶᠡᠵᠤ ᠪᠠᠶᠢᠨ᠎ᠠ ᠬᠡᠵᠡᠢ᠃ ᠮᠤᠩᠭ᠋ᠤᠯ ᠤᠯᠤᠰ ᠤᠨ ᠵᠠᠰᠠᠭ ᠤᠨ ᠤᠷᠳᠤᠨ᠂ ᠡᠯᠡᠰᠤᠷᠬᠡᠭ᠍ᠵᠢᠬᠦ ᠶᠢ ᠰᠡᠷᠬᠡᠶᠢᠯᠡᠨ ᠵᠠᠰᠠᠬᠤ ᠪᠤᠯᠤᠨ ᠨᠡᠬᠦᠷᠡᠰᠤ ᠶᠢ ᠴᠡᠪᠡᠷᠰᠢᠬᠦᠯᠵᠤ ᠪᠦᠲᠦᠮᠵᠢᠲᠡᠢ ᠠᠰᠢᠭᠯᠠᠬᠤ ᠬᠤᠶᠠᠷ ᠲᠦᠰᠦᠯ ᠢ ᠲᠡᠭᠡᠳᠤ ᠬᠡᠮᠵᠢᠶ᠎ᠡ ᠪᠡᠷ ᠠᠩᠬᠠᠷᠴᠤ ᠪᠤᠢ᠂ ᠲᠤᠮᠳᠠᠳᠤ ᠤᠯᠤᠰ ᠤᠨ ᠬᠤᠯᠪᠤᠭᠳᠠᠬᠤ ᠮᠡᠷᠬᠡᠵᠢᠯᠳᠠᠡ ᠤ ᠤᠷᠤᠯᠴᠠᠭ᠎ᠠ ᠨᠢ ᠡᠨᠡᠬᠦ ᠬᠠᠮᠳᠤ ᠶᠢᠨ ᠠᠵᠢᠯᠯᠠᠭᠠᠨ ᠤ ᠲᠦᠰᠦᠯ ᠢ ᠤᠯᠠᠮ ᠦᠷ᠎ᠡ ᠠᠰᠢᠭ ᠲᠠᠢ ᠪᠤᠯᠭᠠᠵᠤ ᠴᠢᠳᠠᠨ᠎ᠠ ᠬᠡᠳᠡᠭ ᠲᠤ ᠢᠳᠡᠬᠡᠵᠤ ᠪᠤᠢ ᠬᠡᠵᠡᠢ᠃

    ᠪᠠᠢ ᠴᠦᠨ ᠯᠢ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠪᠤᠯᠤᠨ ᠮᠤᠩᠭ᠋ᠤᠯ ᠤᠯᠤᠰ ᠤᠨ ᠰᠢᠨᠵᠢᠯᠡᠬᠦ ᠤᠬᠠᠭᠠᠨ ᠤ ᠰᠠᠯᠪᠤᠷᠢ ᠶᠢᠨ ᠪᠠᠶᠢᠭᠠᠯᠢ ᠤᠷᠴᠢᠨ᠂ ᠪᠢᠣᠯᠣᠭᠢ ᠵᠡᠷᠭᠡ ᠬᠦᠷᠢᠶ᠎ᠡ ᠴᠠᠷ᠎ᠠ ᠳ᠋ᠡᠬᠢ ᠬᠠᠮᠳᠤ ᠶᠢᠨ ᠠᠵᠢᠯᠯᠠᠭ᠎ᠠ ᠨᠡᠯᠢᠶᠡᠳ ᠦᠷ᠎ᠡ ᠪᠦᠲᠦᠮᠵᠢᠲᠡᠢ ᠪᠤᠯᠵᠤ ᠪᠠᠶᠢᠨ᠎ᠠ᠃ ᠡᠯᠡᠰᠤᠷᠬᠡᠭ᠍ᠵᠢᠬᠦ ᠶᠢ ᠰᠡᠷᠬᠡᠶᠢᠯᠡᠨ ᠵᠠᠰᠠᠬᠤ ᠪᠤᠯᠤᠨ ᠨᠡᠬᠦᠷᠡᠰᠤ ᠶᠢ ᠴᠡᠪᠡᠷᠰᠢᠬᠦᠯᠵᠤ ᠪᠦᠲᠦᠮᠵᠢᠲᠡᠢ ᠠᠰᠢᠭᠯᠠᠬᠤ ᠲᠠᠯ᠎ᠠ ᠪᠡᠷ ᠬᠤᠶᠠᠷ ᠤᠯᠤᠰ ᠤᠨ ᠬᠠᠮᠳᠤ ᠶᠢᠨ ᠠᠵᠢᠯᠯᠠᠭᠠᠨ ᠤ ᠮᠠᠰᠢ ᠶᠡᠬᠡ ᠤᠷᠤᠨ ᠵᠠᠢ ᠪᠠᠶᠢᠨ᠎ᠠ ᠬᠡᠵᠡᠢ᠃

    ᠪᠠᠢ ᠴᠦᠨ ᠯᠢ ᠨᠠᠷ ᠮᠤᠩᠭ᠋ᠤᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠤᠷᠢᠯᠭ᠎ᠠ ᠪᠠᠷ 4 ᠰᠠᠷ᠎ᠠ ᠶᠢᠨ 30 ᠤ ᠡᠳᠤᠷ ᠡᠴᠡ 5 ᠰᠠᠷ᠎ᠠ ᠶᠢᠨ 3 ᠤ ᠡᠳᠤᠷ ᠪᠤᠯᠳᠠᠯ᠎ᠠ ᠮᠤᠩᠭ᠋ᠤᠯ ᠤᠯᠤᠰ ᠲᠤ ᠠᠶᠢᠯᠴᠢᠯᠠᠬᠤ ᠶᠢᠨ ᠲᠠᠭᠠᠤ ᠡᠷᠳᠡᠮ ᠰᠢᠨᠵᠢᠯᠡᠬᠡᠨ ᠤ ᠰᠤᠯᠢᠯᠴᠠᠭ᠎ᠠ ᠬᠢᠨ᠎ᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120691120909664