蒙古文网站Logo
ᠰᠢᠨᠬᠤᠸᠠ ᠮᠤᠩᠭ᠋ᠤᠯ ᠨᠧᠲ

《ᠢᠰᠯᠠᠮ ᠤᠨ ᠤᠯᠤᠰ》 ᠤᠨ ᠰᠠᠯᠪᠤᠷᠢ ᠪᠤᠯᠤᠨ ᠲᠠᠯᠢᠪᠠᠨ ᠬᠤᠭᠤᠷᠤᠨᠲᠤ ᠪᠠᠨ ᠮᠦᠷᠬᠦᠯᠲᠦᠭᠡᠨ ᠡᠭᠦᠰᠪᠡ

2017-05-03 10:56

    ᠰᠢᠨᠬᠤᠸᠠ ᠬᠤᠷᠢᠢ᠎ᠠ   ᠺᠠᠪᠦ᠋᠋ᠯ ᠤᠨ 5 ᠰᠠᠷ᠎ᠠ ᠶᠢᠨ 1 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠳ᠋ᠠᠢ ᠡᠾᠸ᠂ ᠵᠢᠶᠠᠩ ᠴᠤᠤ ) ᠠᠹᠭᠠᠨᠢᠰᠲ᠋ᠠᠨ ᠤ ᠴᠠᠭᠲᠠᠭᠠᠨ ᠤ ᠬᠢᠨ 1 ᠤ ᠡᠲᠦᠷ ᠢᠯᠡᠷᠬᠡᠶᠢᠯᠡᠯᠲᠡ ᠨᠡᠶᠢᠲᠡᠯᠡᠵᠦ᠂ ᠰᠡᠬᠦᠯ ᠤᠨ ᠦᠶ᠎ᠠ ᠳ᠋ᠤ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ《ᠢᠰᠯᠠᠮ ᠤᠨ ᠤᠯᠤᠰ》 ᠤᠨ ᠰᠠᠯᠪᠤᠷᠢ ᠪᠤᠯᠤᠨ ᠲᠤᠬᠠᠢ ᠶᠢᠨ ᠤᠷᠤᠨ ᠤ ᠲᠠᠯᠢᠪᠠᠨ ᠤ ᠵᠡᠪᠰᠡᠭᠲᠦ ᠬᠦᠴᠦᠨ ᠲᠠᠢ ᠮᠦᠷᠬᠦᠯᠲᠦᠭᠡᠨ ᠡᠭᠦᠰᠴᠦ᠂ ᠨᠠᠭᠠᠲᠤ ᠵᠠᠬ᠎ᠠ ᠳ᠋ᠠᠭᠠᠨ ᠵᠡᠪᠰᠡᠭᠲᠦ ᠪᠦᠯᠦᠭᠲᠡᠨ ᠤ 28 ᠬᠦᠮᠦᠨ ᠪᠠ 2 ᠡᠭᠡᠯ ᠢᠷᠭᠡᠨ ᠠᠮᠢ ᠨᠠᠰᠤ ᠪᠠᠨ ᠠᠯᠲᠠᠪᠠ᠃ ᠦᠩᠭᠡᠷᠡᠭᠰᠡᠨ ᠭᠠᠷᠠᠭ ᠲᠤ ᠮᠦᠨ ᠵᠦᠷᠢᠴᠡᠯ ᠭᠠᠷᠴᠤ᠂ ᠫᠤᠤᠲᠠᠯᠭ᠎ᠠ ᠶᠢᠨ ᠲᠠᠭᠤᠨ ᠲᠠᠰᠤᠷᠠᠭᠰᠠᠨ ᠦᠭᠡᠢ᠃ ᠤᠲᠤᠬᠠᠨ ᠳ᠋ᠤ ᠮᠦᠷᠬᠦᠯᠲᠦᠭᠡᠨ ᠡᠭᠦᠰᠦᠭᠰᠡᠨ ᠰᠢᠯᠲᠠᠭᠠᠨ ᠢ ᠪᠠᠶᠢᠴᠠᠭᠠᠵᠤ ᠪᠠᠶᠢᠨ᠎ᠠ ᠭᠡᠵᠡᠢ᠃

    ᠡᠨᠡ ᠵᠢᠯ ᠡᠴᠡ ᠨᠠᠭᠠᠰᠢ᠂ ᠠᠹᠭᠠᠨᠢᠰᠲ᠋ᠠᠨ ᠤ ᠬᠢᠯᠢ ᠳ᠋ᠡᠬᠢ《ᠢᠰᠯᠠᠮ ᠤᠨ ᠤᠯᠤᠰ》 ᠤᠨ ᠰᠠᠯᠪᠤᠷᠢ ᠪᠤᠯᠤᠨ ᠲᠤᠬᠠᠢ ᠶᠢᠨ ᠤᠷᠤᠨ ᠤ ᠲᠠᠯᠢᠪᠠᠨ ᠤ ᠵᠡᠪᠰᠡᠭᠲᠦ ᠬᠦᠴᠦᠨ  ᠲᠡᠷᠰᠯᠡᠬᠦᠦ ᠬᠦᠴᠦᠨ ᠤ ᠡᠷᠬᠡᠰᠢᠶᠡᠯ ᠤᠨ ᠴᠠᠷᠠᠭ᠎ᠠ ᠬᠦᠷᠢᠶᠠᠨ ᠤ ᠠᠰᠠᠭᠤᠲᠠᠯ ᠢᠶᠡᠷ ᠤᠯᠠᠨᠲᠠ ᠵᠦᠷᠢᠴᠡᠯ ᠡᠭᠦᠰᠴᠦ ᠪᠤᠢ᠃ 4 ᠰᠠᠷ᠎ᠠ ᠶᠢᠨ 25 ᠤ ᠡᠲᠦᠷ᠂ ᠬᠤᠷᠴᠠ ᠰᠢᠷᠦᠬᠦᠨ ᠵᠦᠷᠢᠴᠡᠯ ᠮᠦᠷᠬᠦᠯᠲᠦᠭᠡᠨ ᠡᠭᠦᠰᠴᠤ᠂ 91 ᠬᠦᠮᠦᠨ ᠠᠮᠢ ᠨᠠᠰᠤ ᠪᠠᠨ ᠠᠯᠲᠠᠵᠤ᠂ 68 ᠬᠦᠮᠦᠨ ᠰᠢᠷᠬᠠᠲᠤᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120910187