蒙古文网站Logo
ᠰᠢᠨᠬᠤᠸᠠ ᠮᠤᠩᠭ᠋ᠤᠯ ᠨᠧᠲ

ᠰᠢᠷᠢᠶ᠎ᠠ ᠶᠢᠨ ᠬᠢᠯᠢ ᠶᠢᠨ ᠬᠤᠲᠠ ᠳ᠋ᠤ ᠮᠠᠰᠢᠨ ᠲᠡᠷᠭᠡ ᠪᠡᠷ ᠲᠡᠯᠪᠡᠴᠢᠨ ᠲᠠᠭᠠᠷᠢᠭᠰᠠᠨ ᠬᠡᠷᠡᠭ ᠭᠠᠷᠪᠠ

2017-05-04 11:51

    ᠰᠢᠨᠬᠤᠸᠠ ᠬᠤᠷᠢᠶ᠎ᠠ   ᠳ᠋ᠠᠮᠠᠰᠺ ᠤᠨ 5 ᠰᠠᠷ᠎ᠠ ᠶᠢᠨ 3 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠴᠸ ᠬᠤᠩ ᠯᠢᠶᠠᠩ ) 3 ᠤ ᠡᠲᠦᠷ᠂ ᠰᠢᠷᠢᠶ᠎ᠠ ᠶᠢᠨ ᠬᠤᠶᠢᠲᠤ ᠬᠡᠰᠡᠭ ᠤᠨ ᠬᠢᠯᠢ ᠶᠢᠨ ᠬᠤᠲᠠ ᠠᠽᠠᠽ᠋ ᠳ᠋ᠤ ᠮᠠᠰᠢᠨ ᠲᠡᠷᠭᠡ ᠪᠡᠷ ᠲᠡᠯᠪᠡᠴᠢᠨ ᠲᠠᠭᠠᠷᠢᠭᠰᠠᠨ ᠬᠡᠷᠡᠭ ᠭᠠᠷᠴᠤ᠂ ᠨᠠᠭᠠᠲᠤ ᠵᠠᠬ᠎ᠠ ᠳ᠋ᠠᠭᠠᠨ 7 ᠬᠦᠮᠦᠨ ᠠᠮᠢ ᠨᠠᠰᠤ ᠪᠠᠨ ᠠᠯᠲᠠᠵᠤ᠂ 20 ᠋ᠭᠠᠷᠤᠢ ᠬᠦᠮᠦᠨ ᠰᠢᠷᠬᠠᠲᠤᠪᠠ᠃

    ᠰᠢᠷᠢᠶ᠎ᠠ ᠶᠢᠨ ᠵᠠᠰᠠᠭ ᠤᠨ ᠭᠠᠵᠠᠷ ᠲᠠᠢ ᠬᠠᠷᠢᠴᠠᠭ᠎ᠠ ᠨᠢᠬᠲᠠ ᠯᠢᠪᠠᠨᠤᠨ ᠤ ᠠᠭᠤᠲᠠᠮ ᠲᠠᠯᠠᠪᠠᠢ ᠲᠸᠯᠸᠢᠰ ᠬᠤᠷᠢᠶ᠎ᠠ ᠶᠢᠨ ᠮᠡᠲᠡᠭᠡᠯᠡᠭᠰᠡᠨ ᠢᠶᠡᠷ᠂ ᠲᠡᠰᠦᠷᠡᠬᠦ ᠪᠦᠮᠪᠦᠭᠡ ᠲᠡᠭᠡᠭᠡᠪᠦᠷᠢᠯᠡᠭᠰᠡᠨ ᠮᠠᠰᠢᠨ ᠲᠡᠷᠭᠡ ᠠᠽᠠᠽ᠋ ᠬᠤᠲᠠ ᠶᠢᠨ ᠯᠠᠯᠦ ᠶᠢᠨ ᠰᠦᠮ᠎ᠡ ᠶᠢᠨ ᠬᠠᠵᠠᠭᠤ ᠳ᠋ᠤ ᠲᠡᠯᠪᠡᠷᠡᠪᠡ ᠭᠡᠵᠡᠢ᠃ ᠵᠠᠰᠠᠭ ᠤᠨ ᠭᠠᠵᠠᠷ ᠢ ᠡᠰᠡᠷᠭᠦᠴᠡᠭᠴᠢ ᠪᠦᠯᠦᠭᠲᠡᠨ ᠡᠴᠡ ᠲᠤᠰ ᠬᠡᠷᠡᠭ ᠢ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ《ᠢᠰᠯᠠᠮ ᠤᠨ ᠤᠯᠤᠰ》ᠬᠢᠭ᠍ᠰᠡᠨ᠂ ᠵᠠᠰᠠᠭ ᠤᠨ ᠭᠠᠵᠠᠷ ᠢ ᠡᠰᠡᠷᠭᠦᠴᠡᠭᠴᠢ ᠵᠡᠪᠰᠡᠭᠲᠦ ᠪᠦᠯᠦᠭᠲᠡᠨ ᠤ ᠲᠤᠬᠠᠢ ᠶᠢᠨ ᠤᠷᠤᠨ ᠳ᠋ᠤ ᠰᠠᠭᠤᠭ᠎ᠠ ᠶᠡᠷᠦᠩᠬᠡᠢ ᠵᠠᠬᠢᠷᠭ᠎ᠠ ᠶᠢ ᠲᠠᠭᠠᠷᠢᠬᠤ ᠪᠡᠷ ᠪᠠᠶᠢᠭᠰᠠᠨ ᠭᠡᠯ᠎ᠡ᠃

    ᠠᠽᠠᠽ᠋ ᠪᠤᠯ ᠰᠢᠷᠢᠶ᠎ᠠ ᠶᠢᠨ ᠬᠤᠶᠢᠲᠤ ᠬᠡᠰᠡᠭ ᠤᠨ ᠠᠯᠫᠫᠤ ᠮᠤᠵᠢ ᠳ᠋ᠤ ᠬᠠᠷᠢᠶᠠᠯᠠᠭᠲᠠᠳᠠᠭ᠂ ᠲᠦᠷᠺ ᠤᠨ ᠬᠢᠯᠢ ᠡᠴᠡ 10 ᠺᠢᠯᠤᠮᠸᠲ᠋ᠷ ᠴᠤ ᠬᠦᠷᠬᠦ ᠦᠭᠡᠢ ᠵᠠᠶ ᠲᠠᠢ᠂ ᠪᠠᠶᠢᠯᠲᠤᠬᠤ ᠪᠤᠲᠤᠯᠭ᠎ᠠ ᠶᠢᠨ ᠴᠢᠬᠤᠯᠠ ᠤᠷᠤᠨ ᠪᠤᠯᠤᠨ᠎ᠠ᠃ ᠰᠢᠷᠢᠶ᠎ᠠ ᠶᠢᠨ ᠲᠤᠲᠤᠭᠠᠲᠤ ᠶᠢᠨ ᠲᠠᠶᠢᠨ ᠡᠭᠦᠰᠦᠭᠰᠡᠨ ᠡᠴᠡ ᠨᠠᠭᠠᠰᠢ᠂ ᠵᠠᠰᠠᠭ ᠤᠨ ᠭᠠᠵᠠᠷ ᠢ ᠡᠰᠡᠷᠭᠦᠴᠡᠭᠴᠢ ᠪᠦᠯᠦᠭᠲᠡᠨ ᠪᠠ 《ᠢᠰᠯᠠᠮ ᠤᠨ ᠤᠯᠤᠰ》ᠲᠤᠰ ᠬᠤᠲᠠ ᠶᠢ ᠤᠷᠢᠳ ᠬᠤᠵᠢᠳ ᠪᠤᠯᠢᠶᠠᠨ ᠡᠵᠡᠯᠡᠪᠡ᠃

    ᠰᠡᠬᠦᠯ ᠤᠨ ᠦᠶ᠎ᠠ ᠳ᠋ᠤ ᠠᠽᠠᠽ ᠳ᠋ᠤ ᠮᠠᠰᠢᠨ ᠲᠡᠷᠭᠡ ᠪᠡᠷ ᠲᠡᠯᠪᠡᠴᠢᠨ ᠲᠠᠭᠠᠷᠢᠭᠰᠠᠨ ᠬᠡᠷᠡᠭ ᠤᠯᠠᠨ ᠭᠠᠷᠪᠠ᠃ ᠡᠨᠡ ᠵᠢᠯ ᠤᠨ 1 ᠰᠠᠷ᠎ᠠ ᠶᠢᠨ 7 ᠤ ᠡᠲᠦᠷ ᠲᠤᠬᠠᠢ ᠶᠢᠨ ᠤᠷᠤᠨ ᠳ᠋ᠤ ᠡᠭᠦᠰᠦᠭᠰᠡᠨ ᠮᠠᠰᠢᠨ ᠲᠡᠷᠭᠡ ᠪᠡᠷ ᠲᠡᠯᠪᠡᠴᠢᠨ ᠲᠠᠭᠠᠷᠢᠭᠰᠠᠨ ᠬᠡᠷᠡᠭ ᠲᠤ ᠨᠠᠭᠠᠲᠤ ᠵᠠᠬ᠎ᠠ ᠳ᠋ᠠᠭᠠᠨ 15 ᠬᠦᠮᠦᠨ ᠠᠮᠢ ᠨᠠᠰᠤ ᠪᠠᠨ ᠠᠯᠲᠠᠵᠤ᠂ ᠠᠷᠪᠠᠭᠠᠳ ᠬᠦᠮᠦᠨ ᠰᠢᠷᠬᠠᠲᠤᠪᠠ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120917153