蒙古文网站Logo
ᠰᠢᠨᠬᠤᠸᠠ ᠮᠤᠩᠭ᠋ᠤᠯ ᠨᠧᠲ

ᠠᠮᠸᠷᠢᠺᠠ ᠶᠢᠨ ᠶᠡᠷᠦᠩᠬᠡᠶᠢᠯᠡᠭᠴᠢ ᠲᠸᠷᠠᠮᠫ ᠠᠩᠬ᠎᠎ᠠ ᠭᠠᠲᠠᠭᠠᠲᠤ ᠳ᠋ᠤ ᠠᠶᠢᠯᠴᠢᠯᠠᠬᠤ ᠪᠡᠷ ᠪᠠᠶᠢᠨ᠎ᠠ

2017-05-05 11:48

    ᠰᠢᠨᠬᠤᠸᠠ ᠬᠤᠷᠢᠶ᠎ᠠ ᠸᠠᠰᠢᠩᠲ᠋ᠤᠨ ᠤ 5 ᠰᠠᠷ᠎ᠠ ᠶᠢᠨ 4 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠸᠦ ᠡᠯ ᠵᠢᠶᠸ᠂ ᠯᠦ ᠵᠢᠶᠠ ᠹᠸᠢ ) ᠠᠮᠸᠷᠢᠺᠠ ᠶᠢᠨ ᠴᠠᠭᠠᠨ ᠤᠷᠲᠤᠨ 4 ᠤ ᠡᠲᠦᠷ᠂ ᠲᠤᠰ ᠰᠠᠷ᠎ᠠ ᠶᠢᠨ ᠰᠡᠬᠦᠯᠴᠢ ᠪᠡᠷ ᠶᠡᠷᠦᠩᠬᠡᠶᠢᠯᠡᠭᠴᠢ ᠲᠸᠷᠠᠮᠫ ᠲᠤᠮᠲᠠᠲᠤ ᠲᠤᠷᠤᠨᠠᠲᠤ ᠪᠠ ᠡᠸᠦ᠋ᠷᠦᠫᠠ ᠶᠢᠨ ᠬᠡᠲᠦᠨ ᠤᠯᠤᠰ ᠢᠶᠡᠷ ᠠᠶᠢᠯᠴᠢᠯᠠᠬᠤ ᠲᠤᠬᠠᠢ ᠢᠯᠡᠷᠬᠡᠶᠢᠯᠡᠪᠡ᠃ ᠲᠸᠷᠠᠮᠫ ᠡᠨᠡ ᠤᠨ ᠤ 1 ᠰᠠᠷ᠎ᠠ ᠳ᠋ᠤ ᠶᠡᠷᠦᠩᠬᠡᠶᠢᠯᠡᠭᠴᠢ ᠶᠢᠨ ᠲᠤᠰᠢᠶᠠᠯ ᠳ᠋ᠤ ᠭᠠᠷᠤᠭᠰᠠᠨ ᠤ ᠲᠠᠷᠠᠭ᠎ᠠ ᠠᠩᠬ᠎ᠠ ᠤᠲᠠᠭ᠎ᠠ ᠭᠠᠲᠠᠭᠠᠲᠤ ᠤᠯᠤᠰ ᠢᠶᠡᠷ ᠠᠶᠢᠯᠴᠢᠯᠠᠬᠤ ᠪᠡᠷ ᠪᠠᠶᠢᠨ᠎ᠠ᠃

    ᠢᠯᠡᠷᠬᠡᠶᠢᠯᠡᠯᠲᠡ ᠳ᠋ᠤ᠂ ᠲᠸᠷᠠᠮᠫ ᠤᠷᠢᠲᠠᠪᠡᠷ ᠰᠠᠦᠳᠢ ᠠᠷᠠᠪ ᠲᠤ ᠬᠦᠷᠴᠦ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ ᠳ᠋ᠤ ᠴᠤᠬᠢᠯᠲᠠ ᠦᠭ᠍ᠬᠦ ᠪᠠ ᠰᠦᠷᠲᠡᠬᠦᠯᠬᠦ ᠦᠵᠡᠯ ᠤᠨ ᠠᠰᠠᠭᠤᠲᠠᠯ ᠤᠨ ᠲᠤᠬᠠᠢ ᠲᠤᠰ ᠤᠯᠤᠰ ᠤᠨ ᠲᠡᠷᠢᠬᠦᠨ ᠲᠠᠢ ᠶᠠᠷᠢᠯᠴᠠᠨ ᠵᠦᠪᠲᠡᠯᠴᠡᠬᠦ ᠪᠤᠯᠤᠨ᠎ᠠ᠃ ᠡᠭᠦᠨ ᠤ ᠲᠠᠷᠠᠭ᠎ᠠ ᠪᠡᠷ ᠢᠰᠸᠷᠢᠯ᠂ ᠫᠠᠯᠸᠰᠲ᠋ᠠᠶᠢᠨ ᠳ᠋ᠤ ᠬᠦᠷᠴᠦ ᠬᠤᠶᠠᠷ ᠤᠯᠤᠰ ᠤᠨ ᠡᠶ᠎ᠠ ᠨᠠᠶᠢᠷᠠᠮᠲᠠᠯ ᠤᠨ ᠲᠤᠬᠠᠢ ᠶᠠᠷᠢᠯᠴᠠᠬᠤ ᠪᠤᠯᠤᠨ᠎ᠠ᠃

    ᠢᠯᠡᠷᠬᠡᠶᠢᠯᠡᠯᠲᠡ ᠳ᠋ᠤ᠂ ᠲᠤᠮᠲᠠᠲᠤ ᠲᠤᠷᠤᠨᠠᠲᠤ ᠶᠢᠨ ᠠᠶᠢᠯᠴᠢᠯᠠᠯᠲᠠ ᠶᠢᠨ ᠲᠠᠷᠠᠭ᠎ᠠ ᠸᠠᠲ᠋ᠢᠺᠠᠨ ᠳ᠋ᠤ ᠬᠦᠷᠴᠦ᠂ ᠲᠠᠬᠢᠨ ᠢᠲ᠋ᠠᠯᠢ ᠳ᠋ᠤ ᠠᠮᠸᠷᠢᠺᠠ ᠢᠲ᠋ᠠᠯᠢ ᠬᠤᠶᠠᠷ ᠤᠯᠤᠰ ᠤᠨ ᠡᠯ᠎ᠡ ᠰᠠᠯᠪᠤᠷᠢ ᠶᠢᠨ ᠬᠠᠷᠢᠯᠴᠠᠭ᠎ᠠ ᠬᠦᠭ᠍ᠵᠢᠯᠲᠠ ᠶᠢᠨ ᠲᠤᠬᠠᠢ ᠶᠠᠷᠢᠯᠴᠠᠬᠤ ᠪᠤᠯᠤᠨ᠎ᠠ᠃

    ᠢᠯᠡᠷᠬᠡᠶᠢᠯᠡᠯᠲᠡ ᠳ᠋ᠤ᠂ ᠹᠢᠨᠯᠠᠨᠳ᠋ ᠤᠨ ᠨᠡᠶᠢᠰᠯᠡᠯ ᠪᠷᠦ᠋ᠰᠧᠯ ᠲᠤ ᠬᠦᠷᠴᠦ ᠤᠮᠠᠷᠠᠲᠤ ᠠᠲ᠋ᠠᠯᠠᠨᠲ ᠲᠠᠯᠠᠢ ᠶᠢᠨ ᠨᠡᠶᠢᠲᠡ ᠶᠢᠨ ᠭᠡᠷ᠎ᠡ ᠶᠢᠨ ᠵᠤᠬᠢᠶᠠᠨ ᠪᠠᠶᠢᠭᠤᠯᠤᠯᠲᠠ ᠶᠢᠨ ᠤᠯᠤᠰ ᠤᠨ ᠲᠦᠷᠦᠭᠦᠴᠦᠳ ᠤᠨ ᠴᠢᠭᠤᠯᠭ᠎ᠠ ᠠᠭᠤᠯᠵᠠᠯᠲᠠ ᠳ᠋ᠤ ᠤᠷᠤᠯᠴᠠᠨ᠂ ᠡᠸᠦ᠋ᠷᠦᠫᠠ ᠶᠢᠨ ᠬᠤᠯᠪᠤᠭ᠎ᠠ ᠪᠠ ᠹᠢᠨᠯᠠᠨᠳ᠋ ᠤᠨ ᠲᠡᠷᠢᠬᠦᠨ ᠨᠠᠷ ᠲᠠᠢ ᠠᠭᠤᠯᠵᠠᠨ᠎ᠠ; ᠢᠲ᠋ᠠᠯᠢ ᠶᠢᠨ ᠰᠢᠰᠢᠯᠢ ᠠᠷᠠᠯ ᠳ᠋ᠤ ᠵᠤᠬᠢᠶᠠᠨ ᠪᠠᠶᠢᠭᠤᠯᠤᠭᠲᠠᠬᠤ ᠲᠤᠯᠤᠭᠠᠨ ᠤᠯᠤᠰ ᠤᠨ ᠡᠪᠰᠡᠯ ᠪᠦᠯᠦᠭ ᠤᠨ ᠲᠦᠷᠦᠭᠦᠴᠦᠳ ᠤᠨ ᠬᠤᠷᠠᠯ ᠳ᠋ᠤ ᠤᠷᠤᠯᠴᠠᠨ᠎ᠠ ᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120923923