蒙古文网站Logo
ᠰᠢᠨᠬᠤᠸᠠ ᠮᠤᠩᠭ᠋ᠤᠯ ᠨᠧᠲ

ᠺᠤᠷᠢᠶᠠ ᠶᠢᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠤᠷᠢᠳᠴᠢᠯᠠᠭᠰᠠᠨ ᠰᠠᠨᠠᠯ ᠬᠤᠷᠢᠶᠠᠯᠲᠠ ᠡᠬᠢᠯᠡᠪᠡ

2017-05-05 11:49

    ᠰᠢᠨᠬᠤᠸᠠ ᠬᠤᠷᠢᠶ᠎ᠠ    ᠰᠸᠦ᠋ᠯ ᠤᠨ 5 ᠰᠠᠷ᠎ᠠ ᠶᠢᠨ 4 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠦ ᠿᠦᠢ᠂ ᠭ᠍ᠧᠩ ᠰᠢᠤᠸᠠᠢ ᠫᠸᠩ ) 4 ᠤ ᠡᠲᠦᠷ᠂ ᠺᠤᠷᠢᠶᠠ ᠶᠢᠨ 19 ᠬᠤᠭᠤᠴᠠᠭᠠᠨ ᠤ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠤᠷᠢᠳᠴᠢᠯᠠᠭᠰᠠᠨ ᠰᠠᠨᠠᠯ ᠬᠤᠷᠢᠶᠠᠯᠲᠠ ᠡᠬᠢᠯᠡᠯ᠎ᠡ᠃ ᠺᠤᠷᠢᠶᠠ ᠶᠢᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠳ᠋ᠤ ᠠᠩᠬ᠎ᠠ ᠤᠲᠠᠭ᠎ᠠ ᠡᠨᠡᠬᠦ ᠲᠤᠭᠲᠠᠭᠠᠯ ᠢ ᠬᠡᠷᠡᠭᠵᠢᠬᠦᠯᠵᠦ ᠪᠠᠶᠢᠭ᠎ᠠ ᠶᠤᠮ᠃

    《ᠤᠷᠢᠳᠴᠢᠯᠠᠭᠰᠠᠨ ᠰᠠᠨᠠᠯ ᠬᠤᠷᠢᠶᠠᠯᠲᠠ》ᠭᠡᠲᠡᠭ ᠨᠢ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠦᠶ᠎ᠠ ᠪᠡᠷ ᠲᠤᠬᠠᠢ ᠶᠢᠨ ᠲᠠᠯᠠᠪᠤᠷ ᠲᠤ ᠤᠴᠢᠵᠤ ᠴᠢᠲᠠᠬᠤ ᠦᠭᠡᠢ ᠰᠤᠩᠭ᠋ᠤᠭᠤᠯᠢ ᠶᠢᠨ ᠢᠷᠭᠡᠨ ᠡᠷᠬᠡ ᠪᠠᠨ ᠤᠷᠢᠲᠠᠪᠡᠷ ᠬᠡᠷᠡᠭᠯᠡᠬᠦ᠂ ᠢᠯᠡᠬᠦᠦ ᠤᠯᠠᠨ ᠰᠤᠩᠭ᠋ᠤᠭᠤᠯᠢ ᠶᠢᠨ ᠢᠷᠭᠡᠨ ᠢ ᠤᠷᠤᠯᠴᠠᠭᠤᠯᠬᠤ ᠠᠷᠭ᠎ᠠ ᠬᠡᠮᠵᠢᠶ᠎ᠠ ᠶᠢ ᠵᠢᠭᠠᠨ᠎ᠠ᠃ ᠲᠤᠬᠠᠢ ᠶᠢᠨ ᠤᠷᠤᠨ ᠤ ᠴᠠᠭ ᠢᠶᠡᠷ 4 ᠤ ᠡᠲᠦᠷ ᠡᠴᠡ 5 ᠤ ᠡᠲᠦᠷ ᠤᠨ 6᠄ 00 ᠴᠠᠭ ᠡᠴᠡ 18᠄ 00 ᠴᠠᠭ ᠤᠨ ᠬᠤᠭᠤᠷᠤᠨᠲᠤ ᠤᠷᠢᠳᠴᠢᠯᠠᠭᠰᠠᠨ ᠰᠠᠨᠠᠯ ᠬᠤᠷᠢᠶᠠᠯᠲᠠ ᠬᠢᠨ᠎ᠠ᠂ ᠰᠤᠩᠭ᠋ᠤᠭᠤᠯᠢ ᠶᠢᠨ ᠢᠷᠭᠡᠨ ᠬᠦᠴᠦᠨ ᠪᠦᠬᠦᠢ ᠦᠨᠡᠮᠯᠡᠯ ᠢᠶᠡᠷ ᠶᠢᠡᠨ ᠰᠤᠩᠭ᠋ᠤᠭᠤᠯᠢ ᠳ᠋ᠤ ᠤᠷᠤᠯᠴᠠᠵᠤ᠂ 《ᠤᠷᠢᠳᠴᠢᠯᠠᠭᠰᠠᠨ ᠰᠠᠨᠠᠯ ᠬᠤᠷᠢᠶᠠᠯᠲᠠ》 ᠶᠢᠨ ᠳ᠋ᠦᠩ ᠢ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠰᠠᠨᠠᠯ ᠠᠰᠠᠭᠤᠯᠭ᠎ᠠ ᠶᠢᠨ ᠳ᠋ᠦᠩ ᠲᠠᠢ ᠬᠠᠮᠲᠤ ᠨᠡᠶᠢᠯᠡᠬᠦᠯᠦᠨ ᠪᠤᠲᠤᠨ᠎ᠠ᠃

    ᠤᠤᠯ ᠤᠨ ᠶᠡᠷᠦᠩᠬᠡᠶᠢᠯᠡᠭᠴᠢ ᠫᠠᠭ ᠵᠦᠨ ᠡᠾᠢ ᠶᠢᠨ ᠨᠦᠯᠦᠭᠡᠯᠡᠯ ᠢᠶᠡᠷ ᠡᠨᠡ ᠤᠲᠠᠭᠠᠨ ᠤ ᠰᠤᠩᠭ᠋ᠤᠭᠤᠯᠢ ᠪᠡᠷ ᠠᠷᠢᠭᠤᠨ ᠴᠢᠭᠡᠴᠢ ᠶᠡᠷᠦᠩᠬᠡᠶᠢᠯᠡᠭᠴᠢ ᠰᠤᠩᠭ᠋ᠤᠭᠲᠠᠬᠤ ᠶᠢ ᠤᠯᠠᠩᠬᠢ ᠲᠤᠭᠠᠨ ᠤ ᠰᠤᠩᠭ᠋ᠤᠭᠤᠯᠢ ᠶᠢᠨ ᠢᠷᠭᠡᠨ ᠬᠦᠰᠡᠵᠦ ᠪᠠᠶᠢᠨ᠎ᠠ᠃

    ᠫᠠᠭ ᠵᠦᠨ ᠡᠾᠢ ᠶᠢᠨ ᠤᠭᠴᠠᠷᠠᠭᠤᠯᠤᠭᠲᠠᠭᠰᠠᠨ ᠢᠶᠡᠷ᠂ 12 ᠰᠠᠷ᠎ᠠ ᠳ᠋ᠤ ᠶᠠᠪᠤᠭᠲᠠᠬᠤ ᠪᠡᠷ ᠪᠠᠶᠢᠭᠰᠠᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠤᠷᠢᠳᠴᠢᠯᠠᠭᠠᠳ 5 ᠰᠠᠷ᠎ᠠ ᠶᠢᠨ 9 ᠤ ᠡᠲᠦᠷ ᠶᠠᠪᠤᠭᠲᠠᠬᠤ ᠪᠡᠷ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120923944