蒙古文网站Logo
ᠰᠢᠨᠬᠤᠸᠠ ᠮᠤᠩᠭ᠋ᠤᠯ ᠨᠧᠲ

ᠮᠣᠩ᠋ᠭᠤᠯ ᠤᠯᠤᠰ ᠤᠨ ᠭᠤᠷᠪᠠᠨ ᠳᠤᠮᠤ ᠤᠯᠤᠰ ᠲᠦᠷᠦ ᠶᠢᠨ ᠨᠠᠮ ᠶᠡᠷᠦᠩᠬᠡᠶᠢᠯᠡᠭᠴᠢ ᠳᠤ ᠨᠡᠷ᠎ᠠ ᠳᠡᠪᠰᠢᠭᠴᠢ ᠪᠡᠨ ᠪᠠᠲᠤᠯᠠᠭᠠᠵᠢᠭᠤᠯᠵᠡᠢ

2017-05-07 12:37

    ᠰᠢᠨᠬᠤᠧᠠ ᠬᠤᠷᠢᠶ᠎ᠠ ᠤᠯᠠᠭᠠᠨᠪᠠᠭᠠᠲᠤᠷ ᠤᠨ 5 ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠠᠰᠬᠠᠨ) 6 ᠤ ᠡᠳᠦᠷ᠂ ᠮᠣᠩ᠋ᠭᠤᠯ ᠤᠯᠤᠰ ᠤᠨ ᠠᠷᠠᠳᠴᠢᠯᠠᠬᠰᠠᠨ ᠨᠠᠮ ᠤᠨ ᠨᠠᠶ᠋ᠮᠠᠳᠤᠭᠠᠷ ᠶᠡᠬᠡ ᠬᠤᠷᠠᠯ  ᠢᠶᠡᠷ ᠮᠣᠩ᠋ᠭᠤᠯ ᠤᠯᠤᠰ ᠤᠨ ᠤᠯᠤᠰ ᠤᠨ ᠶᠡᠬᠡ ᠬᠤᠷᠠᠯ ᠤᠨ ᠬᠡᠰᠢᠬᠦᠨ ᠪᠠᠶᠢᠭᠰᠠᠨ ᠬ・ᠪᠠᠳᠤᠳᠤᠯᠭ᠎ᠠ ᠶᠢ 2017 ᠤᠨ ᠤ ᠮᠣᠩ᠋ᠭᠤᠯ ᠤᠯᠤᠰ ᠤᠨ ᠶᠡᠷᠦᠩᠬᠡᠶᠢᠯᠡᠭᠴᠢ ᠳᠤ ᠨᠡᠷ᠎ᠠ ᠳᠡᠪᠰᠢᠭᠴᠢ ᠪᠡᠷ ᠪᠠᠲᠤᠯᠠᠭᠠᠵᠢᠭᠤᠯᠪᠠ᠃ ᠡᠶᠢᠨ ᠬᠦ᠂ ᠮᠣᠩ᠋ᠭᠤᠯ ᠤᠯᠤᠰ ᠤᠨ ᠤᠯᠤᠰ ᠤᠨ ᠬᠤᠷᠠᠯ  ᠳᠤ ᠰᠠᠭᠤᠳᠠᠯ ᠲᠠᠢ ᠭᠤᠷᠪᠠᠨ ᠳᠤᠮᠤ ᠤᠯᠤᠰ ᠲᠦᠷᠦ ᠶᠢᠨ ᠨᠠᠮ ᠤᠨ ᠬᠢᠨ ᠦᠪᠡᠷ ᠦᠪᠡᠷ ᠤᠨ ᠢᠶᠡᠨ ᠶᠡᠷᠦᠩᠬᠡᠶᠢᠯᠡᠭᠴᠢ ᠳᠤ ᠨᠡᠷ᠎ᠠ ᠳᠡᠪᠰᠢᠭᠴᠢ ᠪᠡᠨ ᠪᠠᠲᠤᠯᠠᠭᠠᠵᠢᠭᠤᠯᠵᠡᠢ᠃

    ᠡᠬᠦᠨ ᠡᠴᠡ ᠡᠮᠦᠨ᠎ᠠ᠂ ᠮᠣᠩᠭ᠋ᠤᠯ ᠠᠷᠠᠳ ᠤᠨ ᠨᠠᠮ  3 ᠤ ᠡᠳᠦᠷ ᠨᠢᠬᠡᠨᠳᠡ ᠳᠤᠰ ᠨᠠᠮ ᠤᠨ ᠢᠶᠡᠨ ᠳᠠᠷᠤᠭ᠎ᠠ᠂ ᠤᠯᠤᠰ ᠤᠨ ᠶᠡᠬᠡ ᠬᠤᠷᠠᠯ ᠤᠨ ᠳᠠᠷᠤᠭ᠎ᠠ ᠮᠢᠶᠠᠭᠤᠮᠪᠤ ᠶᠢᠨ ᠡᠩᠬᠡᠪᠤᠯᠤᠳ ᠢ ᠶᠡᠷᠦᠩᠬᠡᠶᠢᠯᠡᠭᠴᠢ ᠳᠤ ᠨᠡᠷ᠎ᠠ ᠳᠡᠪᠰᠢᠭᠴᠢ ᠪᠡᠷ ᠪᠠᠲᠤᠯᠠᠭᠠᠵᠢᠭᠤᠯᠤᠭᠰᠠᠨ ᠪᠤᠯ᠂ ᠮᠣᠩᠭ᠋ᠤᠯ ᠠᠷᠠᠳ ᠤᠨ ᠬᠤᠪᠢᠰᠬᠠᠯᠳᠤ ᠨᠠᠮ ᠨᠢ 5 ᠤ ᠡᠳᠦᠷ ᠳᠤᠰ ᠨᠠᠮ ᠤᠨ ᠢᠶᠡᠨ ᠳᠠᠷᠤᠭ᠎ᠠ᠂ ᠶᠡᠷᠦᠩᠬᠡᠶᠢᠯᠡᠭᠴᠢ ᠠᠭᠰᠠᠨ ᠨ・ᠡᠩᠬᠡᠪᠠᠶᠠᠷ ᠢ ᠶᠡᠷᠦᠩᠬᠡᠶᠢᠯᠡᠭᠴᠢ ᠳᠤ ᠨᠡᠷ᠎ᠠ ᠳᠡᠪᠰᠢᠭᠴᠢ ᠪᠡᠷ ᠪᠠᠲᠤᠯᠠᠭᠠᠵᠢᠭᠤᠯᠵᠡᠢ᠃

    ᠮᠣᠩ᠋ᠭᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ 6 ᠰᠠᠷ᠎ᠠ ᠶᠢᠨ 26 ᠤ ᠡᠳᠦᠷ ᠶᠠᠪᠤᠭᠳᠠᠨ᠎ᠠ᠃ ᠬᠤᠯᠪᠤᠭᠳᠠᠯ ᠪᠦᠬᠦᠢ ᠬᠠᠤᠯᠢ ᠳᠦᠷᠢᠮ ᠢ ᠦᠨᠳᠤᠰᠤᠯᠠᠪᠠᠯ᠂ ᠤᠯᠤᠰ ᠤᠨ ᠶᠡᠬᠡ ᠬᠤᠷᠠᠯ  ᠳᠤ ᠰᠠᠭᠤᠳᠠᠯ ᠲᠠᠢ ᠤᠯᠤᠰ ᠲᠦᠷᠦ ᠶᠢᠨ ᠨᠠᠮ  ᠤᠨ ᠬᠢᠨ ᠴᠦᠮ ᠶᠡᠷᠦᠩᠬᠡᠶᠢᠯᠡᠭᠴᠢ ᠳᠤ ᠨᠡᠷ᠎ᠠ ᠳᠡᠪᠰᠢᠭᠴᠢ ᠪᠡᠨ ᠪᠠᠲᠤᠯᠠᠭᠠᠵᠢᠭᠤᠯᠬᠤ ᠡᠷᠭᠡ ᠲᠠᠢ᠃ ᠤᠳᠤᠬᠠᠨ ᠳᠤ᠂ ᠮᠤᠩᠭ᠋ᠤᠯ ᠤᠯᠤᠰ ᠤᠨ ᠤᠯᠤᠰ ᠤᠨ ᠶᠡᠬᠡ ᠬᠤᠷᠠᠯ ᠳᠤ ᠰᠠᠭᠤᠳᠠᠯ ᠲᠠᠢ ᠮᠣᠩᠭ᠋ᠤᠯ ᠠᠷᠠᠳ ᠤᠨ ᠨᠠᠮ ᠤᠨ 65 ᠬᠡᠰᠢᠬᠦᠨ᠂ ᠠᠷᠠᠳᠴᠢᠯᠠᠬᠰᠠᠨ ᠨᠠᠮ ᠤᠨ 9 ᠬᠡᠰᠢᠬᠦᠨ᠂ ᠮᠣᠩᠭ᠋ᠤᠯ ᠠᠷᠠᠳ ᠤᠨ ᠬᠤᠪᠢᠰᠬᠠᠯᠳᠤ ᠨᠠᠮ ᠨᠢ ᠭᠠᠭᠴᠠ ᠬᠡᠰᠢᠬᠦᠨ ᠲᠠᠢ᠃ ᠲᠤᠬᠲᠠᠭᠠᠯ ᠶᠤᠰᠤᠭᠠᠷ᠂ ᠳᠡᠬᠡᠷ᠎ᠡ ᠳᠤᠷᠠᠳᠤᠭᠰᠠᠨ ᠶᠡᠷᠦᠩᠬᠡᠶᠢᠯᠡᠭᠴᠢ ᠳᠤ ᠨᠡᠷ᠎ᠠ ᠳᠡᠪᠰᠢᠭᠰᠡᠨ 3 ᠦᠷᠢᠰᠦᠯᠳᠦᠭᠴᠢ ᠡᠷᠬᠡᠪᠰᠢ ᠲᠤᠭᠳᠠᠬᠰᠠᠨ ᠬᠤᠭᠤᠴᠠᠭᠠᠨ ᠳᠤ ᠰᠤᠩᠭ᠋ᠤᠭᠤᠯᠢ ᠶᠢᠨ ᠶᠡᠷᠦᠩᠬᠡᠢ ᠬᠤᠷᠢᠶᠠᠨ  ᠳᠤ ᠨᠡᠷ᠎ᠠ ᠪᠡᠨ ᠪᠦᠷᠢᠳᠭᠡᠭᠦᠯᠦᠨ᠎ᠡ᠂ ᠰᠤᠩᠭ᠋ᠤᠭᠤᠯᠢ ᠶᠢᠨ ᠶᠡᠷᠦᠩᠬᠡᠢ ᠬᠤᠷᠢᠶ᠎ᠠ  ᠡᠴᠡ ᠬᠢᠨᠠᠨ ᠪᠠᠳᠤᠯᠠᠭᠰᠠᠨ ᠤ ᠳᠠᠷᠠᠭ᠎ᠠ ᠨᠡᠷ᠎ᠠ ᠳᠡᠪᠰᠢᠭᠴᠢ ᠪᠦᠷᠢ ᠳᠤ ᠰᠤᠩᠭ᠋ᠤᠭᠤᠯᠢ ᠳᠤ ᠦᠷᠢᠰᠦᠯᠳᠦᠬᠦ ᠭᠡᠷᠡᠴᠢᠯᠡᠬᠡ ᠤᠯᠭᠤᠨ᠎ᠠ᠃

    ᠦᠨᠳᠤᠰᠤᠨ ᠬᠠᠤᠯᠢ ᠪᠡᠷ᠂ ᠮᠣᠩ᠋ᠭᠤᠯ ᠤᠯᠤᠰ ᠪᠤᠯ ᠫᠠᠷᠯᠠᠮᠧᠨ᠋ᠲ ᠤᠨ ᠵᠠᠰᠠᠭᠯᠠᠯᠳᠤ ᠤᠯᠤᠰ᠂ ᠶᠡᠷᠦᠩᠬᠡᠶᠢᠯᠡᠭᠴᠢ ᠨᠢ ᠲᠦᠷᠦ ᠶᠢᠨ ᠳᠡᠷᠢᠬᠦᠨ ᠪᠤᠯᠬᠤ ᠮᠦᠷᠲᠡᠬᠡᠨ ᠵᠡᠪᠰᠡᠭᠲᠤ ᠬᠦᠴᠦᠨ ᠤ ᠶᠡᠷᠦᠩᠬᠡᠢ ᠺᠤᠮᠠᠨᠳᠠᠯᠠᠬᠴᠢ ᠪᠤᠯᠬᠤ ᠶᠤᠮ᠃ ᠶᠡᠷᠦᠩᠬᠡᠶᠢᠯᠡᠭᠴᠢ ᠵᠢᠨ ᠳᠤᠰᠢᠶᠠᠯ ᠳᠤ ᠪᠠᠶᠢᠬᠤ ᠬᠤᠭᠤᠴᠠᠭ᠎ᠠ ᠨᠢ 4 ᠵᠢᠯ᠂ ᠠᠬᠢᠵᠤ ᠨᠢᠬᠡ ᠤᠳᠠᠭ᠎ᠠ ᠤᠯᠠᠷᠢᠵᠤ ᠰᠤᠩᠭ᠋ᠤᠭᠳᠠᠵᠤ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120931446