蒙古文网站Logo
ᠰᠢᠨᠬᠤᠸᠠ ᠮᠤᠩᠭ᠋ᠤᠯ ᠨᠧᠲ

ᠮᠠᠺᠷᠤᠨ ᠹᠷᠠᠨᠼᠢ ᠶᠢᠨ ᠶᠡᠷᠦᠩᠬᠡᠶᠢᠯᠡᠭᠴᠢ ᠪᠡᠷ ᠰᠤᠩᠭ᠋ᠤᠭᠲᠠᠪᠠ

2017-05-08 11:09

    ᠰᠢᠨᠬᠤᠸᠠ ᠬᠤᠷᠢᠶ᠎ᠠ   ᠫᠠᠷᠢᠰ ᠤᠨ 5 ᠰᠠᠷ᠎ᠠ ᠶᠢᠨ 7 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠬᠴᠢ ᠬᠠᠨ ᠪᠢᠩ᠂ ᠶᠢᠩ ᠴᠢᠶᠠᠩ ) 5 ᠰᠠᠷ᠎ᠠ ᠶᠢᠨ 7 ᠤ ᠡᠲᠦᠷ ᠪᠤᠯᠤᠭᠰᠠᠨ 2017 ᠤᠨ ᠤ ᠹᠷᠠᠨᠼᠢ ᠶᠢᠨ ᠶᠡᠷᠦᠩᠬᠡᠶᠢᠯᠡᠭᠴᠢ ᠶᠢᠨ ᠬᠤᠶᠠᠲᠤᠭᠠᠷ ᠡᠭᠡᠯᠵᠢ ᠶᠢᠨ ᠰᠠᠨᠠᠯ ᠠᠰᠠᠭᠤᠯᠭ᠎ᠠ ᠪᠡᠷ ᠹᠷᠠᠨᠼᠢ ᠶᠢᠨ ᠤᠤᠯ ᠤᠨ ᠡᠳ᠋ ᠤᠨ ᠵᠠᠰᠠᠭ ᠤᠨ ᠶᠠᠮᠤᠨ ᠤ ᠰᠠᠶᠢᠳ᠂ ᠲᠦᠪ ᠦᠵᠡᠯ ᠢ ᠪᠠᠷᠢᠮᠲᠠᠯᠠᠭᠴᠢ ᠮᠠᠺᠷᠤᠨ 65% ᠶ᠋ᠢᠨ ᠤᠨᠤᠭ᠎ᠠ ᠤᠯᠵᠤ ᠶᠡᠷᠦᠩᠬᠡᠶᠢᠯᠡᠭᠴᠢ ᠪᠡᠷ ᠰᠤᠩᠭ᠋ᠤᠭᠲᠠᠪᠠ᠃ 39 ᠨᠠᠰᠤᠲᠠᠢ ᠮᠠᠺᠷᠤᠨ ᠹᠷᠠᠨᠼᠢ ᠶᠢᠨ ᠲᠠᠪᠤᠲᠤᠭᠠᠷ ᠪᠦᠬᠦᠲᠡ ᠨᠠᠶᠢᠷᠠᠮᠲᠠᠬᠤ ᠤᠯᠤᠰ ᠤᠨ 60 ᠭᠠᠷᠤᠢ ᠵᠢᠯ ᠤᠨ ᠲᠤᠷᠰᠢᠬᠢ ᠬᠠᠮᠤᠭ ᠤᠨ ᠵᠠᠯᠠᠭᠤ ᠶᠡᠷᠦᠩᠬᠡᠶᠢᠯᠡᠭᠴᠢ ᠪᠤᠯᠪᠠ᠃

    ᠲᠤᠬᠠᠢ ᠶᠢᠨ ᠤᠷᠤᠢ ᠮᠠᠺᠷᠤᠨ ᠲᠸᠯᠸᠢᠰ ᠢᠶᠡᠷ ᠲᠠᠮᠵᠢᠭᠤᠯᠤᠨ᠄《ᠡᠨᠡ ᠤᠷᠤᠢ ᠦᠨᠢ ᠤᠲᠠᠭᠠᠨ ᠲᠡᠦᠬᠡ ᠰᠢᠨ᠎ᠡ ᠬᠠᠭᠤᠲᠠᠰᠤ ᠶᠢ ᠰᠡᠬᠦᠬᠦ ᠪᠤᠯᠤᠨ᠎ᠠ᠂ ᠬᠦᠰᠡᠬᠦ ᠨᠢ ᠢᠲᠡᠭᠡᠯ ᠨᠠᠶᠢᠲᠠᠯᠭ᠎ᠠ ᠪᠠᠶᠢᠭᠠᠰᠠᠢ 》ᠭᠡᠵᠡᠢ᠃ ᠡᠭᠦᠨ ᠡᠴᠡ ᠡᠮᠦᠨᠡᠬᠡᠨ ᠯᠫᠡᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠳ᠋ᠤ ᠢᠯᠠᠭᠲᠠᠭᠰᠠᠨ ᠢᠶᠡᠨ ᠮᠡᠲᠡᠷᠡᠪᠡ᠃

    ᠤᠯᠠᠩᠳ᠋ᠧ ᠤᠨ ᠲᠤᠰᠢᠶᠠᠯ ᠤᠨ ᠬᠤᠭᠤᠴᠠᠭ᠎ᠠ 5 ᠰᠠᠷ᠎ᠠ ᠶᠢᠨ 14 ᠤ ᠡᠲᠦᠷ ᠲᠠᠭᠤᠰᠤᠨ᠎ᠠ᠃ ᠵᠤᠷᠰᠢᠯ ᠢᠶᠡᠷ ᠰᠢᠨ᠎ᠡ ᠪᠡᠷ ᠲᠤᠰᠢᠶᠠᠯ ᠳ᠋ᠤ ᠭᠠᠷᠬᠤ ᠶᠡᠷᠦᠩᠬᠡᠶᠢᠯᠡᠭᠴᠢ ᠪᠠ ᠲᠤᠰᠢᠶᠠᠯ ᠡᠴᠡ ᠪᠠᠨ ᠴᠢᠯᠦᠭᠡᠯᠡᠭᠲᠡᠭᠰᠡᠨ ᠶᠡᠷᠦᠩᠬᠡᠶᠢᠯᠡᠭᠴᠢ ᠯᠤᠭᠡ ᠵᠦᠪᠲᠡᠨ ᠲᠤᠰᠢᠶᠠᠯ ᠳ᠋ᠤ ᠭᠠᠷᠬᠤ ᠴᠠᠭ ᠪᠠᠨ ᠲᠤᠭᠲᠠᠨ᠎ᠠ᠃

    ᠮᠠᠺᠷᠤᠨ 1977 ᠤᠨ ᠤ 12 ᠰᠠᠷ᠎ᠠ ᠳ᠋ᠤ ᠹᠷᠠᠨᠼᠢ ᠶᠢᠨ ᠬᠤᠶᠢᠲᠤ ᠬᠡᠰᠡᠭ ᠤᠨ ᠠᠮᠢᠶᠠᠨ ᠬᠤᠲᠠ ᠶᠢᠨ ᠬᠦᠷᠦᠩᠭᠡᠲᠡᠨ  ᠤ ᠭᠡᠷ ᠲᠤ ᠵᠠᠶᠠᠭᠠᠵᠠᠢ᠂ 2012 ᠤᠨ ᠳ᠋ᠤ ᠹᠷᠠᠨᠼᠢ ᠶᠢᠨ ᠵᠡᠬᠦᠨ ᠤ ᠦᠵᠡᠯ ᠤᠨ ᠨᠡᠶᠢᠭᠡᠮ ᠨᠠᠮ ᠤᠨ ᠤᠯᠠᠩᠳ᠋ᠧ ᠹᠷᠠᠨᠼᠢ ᠶᠢᠨ ᠶᠡᠷᠦᠩᠬᠡᠶᠢᠯᠡᠭᠴᠢ ᠪᠤᠯᠤᠭᠰᠠᠨ ᠤ ᠲᠠᠷᠠᠭ᠎ᠠ ᠮᠠᠺᠷᠤᠨ ᠠᠷᠠᠯᠵᠢᠶ᠎ᠠ ᠬᠢᠬᠦ ᠪᠠᠨ ᠪᠠᠶᠢᠵᠤ ᠵᠠᠰᠠᠭ ᠲᠤ ᠤᠷᠤᠯᠴᠠᠨ᠂ ᠶᠡᠷᠦᠩᠬᠡᠶᠢᠯᠡᠭᠴᠢ ᠶᠢᠨ ᠠᠯᠪᠠᠨ ᠤ ᠲᠡᠳ᠋ ᠨᠠᠷᠢᠨ ᠪᠢᠴᠢᠭᠡᠴᠢ ᠶᠢᠨ ᠲᠠᠷᠤᠭ᠎ᠠ ᠪᠤᠯᠪᠠ᠃ 2014 ᠤᠨ ᠤ 8 ᠰᠠᠷ᠎ᠠ ᠳ᠋ᠤ᠂ 36 ᠨᠠᠰᠤᠲᠠᠢ ᠮᠠᠺᠷᠤᠨ ᠹᠷᠠᠨᠼᠢ ᠶᠢᠨ ᠡᠳ᠋ ᠤᠨ ᠵᠠᠰᠠᠭ ᠤᠨ ᠶᠠᠮᠤᠨ ᠤ ᠰᠠᠶᠢᠳ ᠪᠤᠯᠪᠠ᠃

    2016 ᠤᠨ ᠤ 4 ᠰᠠᠷ᠎ᠠ ᠳᠤ ᠮᠠᠺᠷᠤᠨ ᠲᠦᠪ ᠦᠵᠡᠯ ᠢ ᠪᠠᠷᠢᠮᠲᠠᠯᠠᠭᠴᠢ ᠬᠦᠲᠡᠯᠭᠡᠭᠡᠨ ᠢ ᠵᠤᠬᠢᠶᠠᠨ ᠪᠠᠶᠢᠭᠤᠯᠵᠤ᠂ 2016 ᠤᠨ ᠤ 8 ᠰᠠᠷ᠎ᠠ ᠳ᠋ᠤ ᠡᠳ᠋ ᠤᠨ ᠵᠠᠰᠠᠭ ᠤᠨ ᠶᠠᠮᠤᠨ ᠤ ᠰᠠᠶᠢᠳ ᠤᠨ ᠲᠤᠰᠢᠶᠠᠯ ᠡᠴᠡ ᠪᠠᠨ ᠪᠠᠭᠤᠵᠤ᠂ ᠲᠤᠬᠠᠢ ᠶᠢᠨ ᠵᠢᠯ ᠤᠨ 11 ᠰᠠᠷ᠎ᠠ ᠳ᠋ᠤ 2017 ᠤᠨ ᠤ ᠹᠷᠠᠨᠼᠢ ᠶᠢᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠳ᠋ᠤ ᠤᠷᠤᠯᠴᠠᠬᠤ ᠪᠡᠷ ᠵᠠᠷᠯᠠᠪᠠ᠃ ᠰᠤᠩᠭ᠋ᠤᠭᠤᠯᠢ ᠶᠢᠨ ᠦᠶ᠎ᠠ ᠪᠡᠷ᠂ ᠨᠡᠬᠡᠬᠡᠯᠲᠡ ᠲᠠᠢ ᠪᠡᠷ ᠲᠡᠯᠡᠬᠡᠶᠢᠴᠢᠯᠡᠯᠲᠡ ᠳ᠋ᠤ ᠬᠠᠨᠲᠤᠵᠤ᠂ ᠡᠸᠦ᠋ᠷᠦᠫᠠ ᠶᠢᠨ ᠬᠤᠯᠪᠤᠭ᠎ᠠ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠨ᠎ᠡ ᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120935305