蒙古文网站Logo
ᠰᠢᠨᠬᠤᠸᠠ ᠮᠤᠩᠭ᠋ᠤᠯ ᠨᠧᠲ

ᠮᠦᠨ ᠽᠸ ᠶᠢᠨ ᠺᠤᠷᠢᠶᠠ ᠶᠢᠨ ᠶᠡᠷᠦᠩᠬᠡᠶᠢᠯᠡᠭᠴᠢ ᠪᠡᠷ ᠰᠤᠩᠭ᠋ᠤᠭᠲᠠᠪᠠ

2017-05-10 10:34

    ᠰᠢᠨᠬᠤᠸᠠ ᠬᠤᠷᠢᠶ᠎ᠠ   ᠰᠸᠦ᠋ᠯ ᠤᠨ 5 ᠰᠠᠷ᠎ᠠ ᠶᠢᠨ 10 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠭ᠍ᠸᠩ ᠰᠢᠤᠸᠠᠢ ᠫᠸᠩ᠂ ᠯᠦ ᠿᠦᠢ᠂ ᠸᠠᠩ ᠵᠢᠶᠠ ᠡᠾᠦ᠋ᠢ ) 10 ᠤ ᠦᠦᠷ ᠢᠶᠡᠷ᠂ ᠺᠤᠷᠢᠶᠠ ᠶᠢᠨ ᠲᠦᠪ ᠤᠨ ᠰᠤᠩᠭ᠋ᠤᠭᠤᠯᠢ ᠶᠢᠨ ᠬᠠᠮᠢᠶᠠᠷᠤᠯᠲᠠ ᠶᠢᠨ ᠵᠦᠪᠯᠡᠯ ᠤᠨ ᠬᠠᠮᠤᠭ ᠤᠨ ᠰᠢᠨ᠎ᠡ ᠪᠦᠷᠢᠳᠭᠡ᠍ᠭ᠍ᠰᠡᠨ ᠢᠶᠡᠷ᠂ ᠺᠤᠷᠢᠶᠠ ᠶᠢᠨ 19 ᠳ᠋ᠤᠭᠡᠷ ᠬᠤᠭᠤᠴᠠᠭᠠᠨ ᠤ ᠶᠡᠷᠦᠩᠬᠡᠶᠢᠯᠡᠭᠴᠢ ᠪᠡᠷ ᠨᠡᠶᠢᠲᠡ ᠶᠢᠨ ᠠᠷᠠᠳᠴᠢᠯᠠᠭᠰᠠᠨ ᠨᠠᠮ ᠤᠨ ᠮᠦᠨ ᠽᠸ ᠶᠢᠨ ᠰᠤᠩᠭ᠋ᠤᠭᠲᠠᠪᠠ᠃

    ᠮᠦᠨ ᠽᠸ ᠶᠢᠨ 1953 ᠤᠨ ᠳ᠋ᠤ ᠲᠦᠷᠦᠪᠡ᠂ ᠤᠤᠯ ᠤᠨ ᠶᠡᠷᠦᠩᠬᠡᠶᠢᠯᠡᠭᠴᠢ ᠨᠦᠸᠸ ᠮᠦ ᠬᠢᠶᠤᠨ ᠤ  ᠦᠶ᠎ᠠ ᠳ᠋ᠤ ᠴᠦᠩ ᠸᠠ ᠲᠠᠢ ᠶᠢᠨ ᠢᠷᠭᠡᠳ ᠤᠨ ᠶᠠᠪᠤᠲᠠᠯ ᠤᠨ ᠠᠬᠠᠯᠠᠬᠤ ᠨᠠᠷᠢᠨ ᠪᠢᠴᠢᠭᠡᠴᠢ ᠶᠢᠨ ᠲᠠᠷᠤᠭ᠎ᠠ᠂ ᠬᠤᠲᠠ ᠶᠢᠨ ᠢᠷᠭᠡᠨ ᠨᠡᠶᠢᠭᠡᠮ ᠤᠨ ᠠᠬᠠᠯᠠᠬᠤ ᠨᠠᠷᠢᠨ ᠪᠢᠴᠢᠭᠡᠴᠢ ᠶᠢᠨ ᠲᠠᠷᠤᠭ᠎ᠠ ᠵᠢᠴᠢ ᠨᠠᠷᠢᠨ ᠪᠢᠴᠢᠭᠡᠴᠢ ᠶᠢᠨ ᠭᠠᠵᠠᠷ ᠤᠨ ᠲᠠᠷᠤᠭ᠎ᠠ ᠵᠡᠷᠭᠡ ᠲᠤᠰᠢᠶᠠᠯ ᠢ ᠡᠭᠦᠷᠭᠡᠯᠡᠵᠦ ᠪᠠᠶᠢᠪᠠ᠃ 2012 ᠤᠨ ᠳ᠋ᠤ ᠮᠦᠨ ᠽᠸ ᠶᠢᠨ ᠠᠩᠬ᠎ᠠ ᠤᠲᠠᠭ᠎ᠠ ᠪᠠᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠳ᠋ᠤ ᠤᠷᠤᠯᠴᠠᠵᠤ ᠫᠠᠭ ᠵᠦᠨ ᠡᠾᠢ ᠳ᠋ᠤ ᠢᠯᠠᠭᠲᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120948157