ᠠᠮᠸᠷᠢᠺᠠ ᠶᠢᠨ ᠶᠡᠷᠦᠩᠬᠡᠶᠢᠯᠡᠭᠴᠢ ᠬᠤᠯᠪᠤᠭᠠᠨ ᠤ ᠮᠦᠷᠲᠡᠨ ᠪᠠᠶᠢᠴᠠᠭᠠᠬᠤ ᠲᠤᠪᠴᠢᠶ᠎ᠠ ᠶᠢᠨ ᠵᠠᠬᠢᠷᠤᠭᠴᠢ ᠶᠢ ᠤᠭᠴᠠᠷᠠᠭᠤᠯᠪᠠ 2017-05-10 17:45

    ᠰᠢᠨᠬᠤᠸᠠ ᠬᠤᠷᠢᠶ᠎ᠠ   ᠸᠠᠰᠢᠩᠲ᠋ᠤᠨ ᠤ 5 ᠰᠠᠷ᠎ᠠ ᠶᠢᠨ 9 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠰᠢᠦ ᠵᠢᠶᠠᠨ ᠮᠸᠢ᠂ ᠯᠢᠦ ᠶᠠᠩ ) ᠠᠮᠸᠷᠢᠺᠠ ᠶᠢᠨ ᠶᠡᠷᠦᠩᠬᠡᠶᠢᠯᠡᠭᠴᠢ ᠲᠧᠷᠠᠮᠫ 9 ᠤ ᠡᠲᠦᠷ ᠬᠤᠯᠪᠤᠭᠠᠨ ᠤ ᠮᠦᠷᠲᠡᠨ ᠪᠠᠶᠢᠴᠠᠭᠠᠬᠤ ᠲᠤᠪᠴᠢᠶ᠎ᠠ ᠶᠢᠨ ᠵᠠᠬᠢᠷᠤᠭᠴᠢ ᠵ ᠺᠤᠮᠢᠳ᠋ ᠢ ᠬᠤᠯᠪᠤᠭᠠᠨ ᠤ ᠮᠦᠷᠲᠨᠨ ᠪᠠᠶᠢᠴᠠᠭᠠᠬᠤ ᠲᠤᠪᠴᠢᠶ᠎ᠠ ᠶᠢᠨ ᠵᠠᠬᠢᠷᠤᠭᠴᠢ ᠶᠢᠨ ᠲᠤᠰᠢᠶᠠᠯ ᠡᠴᠡ ᠨᠢ ᠤᠭᠴᠠᠷᠠᠭᠤᠯᠤᠭᠰᠠᠨ ᠭᠡᠵᠦ ᠴᠠᠭᠠᠨ ᠤᠷᠲᠤᠨ ᠡᠴᠡ ᠮᠡᠲᠡᠭᠲᠡᠪᠡ᠃ ᠡᠨᠡᠬᠦ ᠮᠡᠲᠡᠭᠡᠯᠡᠯ ᠨᠢ ᠠᠮᠸᠷᠢᠺᠠ ᠶᠢᠨ ᠲᠦᠷᠦ ᠶᠢᠨ ᠬᠢᠨ ᠢ ᠰᠤᠴᠢᠭᠠᠪᠠ᠃

    ᠠᠮᠸᠷᠢᠺᠠ ᠶᠢᠨ ᠶᠡᠷᠦᠩᠬᠡᠶᠢᠯᠡᠭᠴᠢ  ᠵ ᠺᠤᠮᠢᠳ᠋ ᠳ᠋ᠤ ᠢᠯᠡᠭᠡᠭ᠍ᠰᠡᠨ ᠵᠠᠬᠢᠲᠠᠯ ᠳ᠋ᠠᠭᠠᠨ᠂ 《ᠲᠠᠨ ᠤ ᠬᠤᠯᠪᠤᠭᠠᠨ ᠤ ᠮᠦᠷᠲᠡᠨ ᠪᠠᠶᠢᠴᠠᠭᠠᠬᠤ ᠲᠤᠪᠴᠢᠶ᠎ᠠ ᠶᠢᠨ ᠵᠠᠬᠢᠷᠤᠭᠴᠢ ᠶᠢᠨ ᠠᠯᠪᠠ ᠬᠠᠭᠠᠬᠤ ᠬᠤᠭᠤᠴᠠᠭ᠎ᠠ ᠲᠠᠭᠤᠰᠬᠤ ᠪᠡᠷ ᠪᠤᠯᠵᠤ ᠪᠠᠶᠢᠨ᠎ᠠ᠂ ᠲᠠᠨ ᠢ ᠤᠭᠴᠠᠷᠠᠭᠤᠯᠵᠤ ᠪᠠᠶᠢᠨ᠎ᠠ》 ᠭᠡᠵᠡᠢ᠃    

    ᠴᠠᠭᠠᠨ ᠤᠷᠲᠤᠨ ᠡᠴᠡ ᠵ ᠺᠤᠮᠢᠳ᠋ ᠤᠨ ᠲᠤᠰᠢᠶᠠᠯ ᠢ ᠤᠭᠴᠠᠷᠠᠭᠤᠯᠤᠭᠰᠠᠨ ᠰᠢᠯᠲᠠᠭᠠᠨ ᠢ ᠲᠤᠲᠤᠷᠬᠠᠶᠢᠯᠠᠭᠰᠠᠨ ᠦᠭᠡᠢ᠃

    ᠠᠮᠸᠷᠢᠺᠠ ᠶᠢᠨ ᠬᠤᠯᠪᠤᠭᠠᠨ ᠤ ᠮᠦᠷᠲᠡᠨ ᠪᠠᠶᠢᠴᠠᠭᠠᠬᠤ ᠲᠤᠪᠴᠢᠶ᠎ᠠ ᠶᠢᠨ ᠵᠠᠬᠢᠷᠤᠭᠴᠢ ᠶᠢ ᠶᠡᠷᠦᠩᠬᠡᠶᠢᠯᠡᠭᠴᠢ  ᠨᠢ 10 ᠵᠢᠯ ᠤᠨ ᠬᠤᠭᠤᠴᠠᠭ᠎ᠠ ᠲᠠᠢ ᠪᠡᠷ ᠲᠤᠮᠢᠯᠠᠲᠠᠭ᠃ ᠲᠡᠦᠬᠡᠨ ᠡᠴᠡ ᠢᠨᠠᠭᠰᠢ ᠬᠠᠷᠠᠬᠠᠨ ᠤᠭᠴᠠᠷᠠᠭᠤᠯᠤᠭᠰᠠᠨ ᠶᠠᠪᠤᠲᠠᠯ ᠭᠠᠷᠤᠭ᠎ᠠ ᠦᠭᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
010070230030000000000000011120791120951079