蒙古文网站Logo
ᠰᠢᠨᠬᠤᠸᠠ ᠮᠤᠩᠭ᠋ᠤᠯ ᠨᠧᠲ

ᠺᠤᠩᠭ᠋ᠤ᠋ ( ᠺᠢᠨ ) ᠳ᠋ᠤ ᠡᠸᠪᠦ᠋ᠯᠠ ᠸᠢᠷᠦ᠋ᠰ ᠲᠠᠬᠢᠨ ᠲᠡᠯᠭᠡᠷᠡᠭᠰᠡᠨ ᠭᠡᠵᠦ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠲᠠ ᠡᠴᠡ ᠤᠨᠴᠠᠯᠠᠪᠠ

2017-05-15 17:18

    ᠰᠢᠨᠬᠤᠸᠠ ᠬᠤᠷᠢᠶ᠎ᠠ    ᠵᠸᠨ᠋ᠸᠸᠠ ᠶᠢᠨ 5 ᠰᠠᠷ᠎ᠠ ᠶᠢᠨ 13 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠠᠩ ᠮᠢᠶᠤᠤ ) ᠰᠡᠬᠦᠯ ᠤᠨ ᠦᠶ᠎ᠠ ᠳ᠋ᠤ ᠺᠤᠩᠭ᠋ᠤ᠋ ( ᠺᠢᠨ ᠎)  ᠶᠢᠨ ᠵᠠᠰᠠᠭ ᠤᠨ ᠭᠠᠵᠠᠷ ᠲᠤᠰ ᠤᠯᠤᠰ ᠲᠤ ᠡᠸᠪᠦ᠋ᠯᠠ ᠬᠢᠵᠢᠭ᠌ ᠲᠠᠬᠢᠨ ᠲᠡᠯᠭᠡᠷᠡᠭᠰᠡᠨ ᠭᠡᠵᠦ ᠲᠠᠯᠡᠬᠡᠢ ᠶᠢᠨ ᠡᠷᠡᠬᠦᠯ ᠮᠡᠨᠳᠦ ᠶᠢᠨ ᠵᠤᠬᠢᠶᠠᠨ ᠪᠠᠶᠢᠭᠤᠯᠤᠯᠲᠠ ᠳ᠋ᠤ ᠮᠡᠲᠡᠬᠦᠯᠪᠡ᠃ 5 ᠰᠠᠷ᠎ᠠ ᠶᠢᠨ 13 ᠤ ᠡᠲᠦᠷ ᠪᠤᠯᠲᠠᠯ᠎ᠠ 13 ᠬᠦᠮᠦᠨ ᠡᠸᠪᠦ᠋ᠯᠠ ᠳ᠋ᠤ ᠬᠠᠯᠲᠠᠪᠤᠷᠢᠯᠠᠭᠲᠠᠵᠤ᠂ 3 ᠬᠦᠮᠦᠨ ᠠᠮᠢ ᠨᠠᠰᠤ ᠪᠠᠨ ᠠᠯᠲᠠᠪᠠ᠃

    ᠲᠡᠯᠡᠬᠡᠢ ᠶᠢᠨ ᠡᠷᠡᠬᠦᠯ ᠮᠡᠨᠳᠦ ᠶᠢᠨ ᠵᠤᠬᠢᠶᠠᠨ ᠪᠠᠶᠢᠭᠤᠯᠤᠯᠲᠠ ᠡᠸᠪᠦ᠋ᠯᠠ ᠸᠢᠷᠦ᠋ᠰ ᠲᠠᠬᠢᠨ ᠲᠡᠯᠭᠡᠷᠡᠭᠰᠡᠨ ᠰᠢᠯᠲᠠᠭᠠᠨ ᠤ ᠲᠤᠬᠠᠢ ᠬᠠᠷᠠᠬᠠᠨ ᠲᠤᠲᠤᠷᠬᠠᠢ ᠦᠭᠡᠢ᠂ ᠡᠯ᠎ᠡ ᠲᠠᠯ᠎ᠠ ᠶᠢᠨ ᠬᠢᠨ ᠤ ᠪᠠᠶᠢᠴᠠᠭᠠᠯᠲᠠ ᠪᠡᠷ ᠦᠷ᠎ᠠ ᠳ᠋ᠦᠩ ᠢ ᠨᠡᠶᠢᠲᠡᠯᠡᠬᠦ ᠪᠤᠯᠤᠨ᠎ᠠ ᠭᠡᠵᠡᠢ᠃  

    2014 ᠤᠨ ᠳ᠋ᠤ ᠪᠠᠷᠠᠭᠤᠨ ᠠᠹᠷᠢᠺᠠ ᠳ᠋ᠤ ᠡᠸᠪᠦ᠋ᠯᠠ ᠸᠢᠷᠦ᠋ᠰ ᠲᠡᠯᠭᠡᠷᠡᠵᠦ᠂ 1.1 ᠲᠦᠮᠡᠨ ᠬᠦᠮᠦᠨ ᠠᠮᠢ ᠨᠠᠰᠤ ᠪᠠᠨ ᠠᠯᠲᠠᠪᠠ᠃ ᠡᠭᠦᠨ ᠳ᠋ᠤ ᠺᠤᠩᠭ᠋ᠤ᠋ ( ᠺᠢᠨ )  ᠶᠢᠨ 66 ᠬᠦᠮᠦᠨ ᠨᠡᠷᠪᠡᠭ᠍ᠲᠡᠵᠦ᠂ 49 ᠬᠦᠮᠦᠨ ᠠᠮᠢ ᠨᠠᠰᠤ ᠪᠠᠨ ᠠᠯᠲᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120975793