蒙古文网站Logo
ᠰᠢᠨᠬᠤᠸᠠ ᠮᠤᠩᠭ᠋ᠤᠯ ᠨᠧᠲ

ᠠᠭᠠᠷ ᠤᠨ ᠲᠠᠭᠠᠷᠢᠯᠲᠠ ᠳ᠋ᠤ 40 ᠭᠠᠷᠤᠢ ᠢᠷᠭᠡᠨ ᠠᠮᠢ ᠨᠠᠰᠤ ᠪᠠᠨ ᠠᠯᠲᠠᠭᠰᠠᠨ ᠭᠡᠵᠦ ᠰᠢᠷᠢᠶ᠎ᠠ ᠶᠢᠨ ᠬᠡᠪᠯᠡᠯ ᠮᠡᠲᠡᠭᠡᠯᠡᠯ ᠮᠡᠲᠡᠭᠡᠯᠡᠪᠡ

2017-05-16 11:29

    ᠰᠢᠨᠬᠤᠸᠠ ᠬᠤᠷᠢᠶ᠎ᠠ   ᠳ᠋ᠠᠮᠠᠰᠺ ᠤᠨ 5 ᠰᠠᠷ᠎ᠠ ᠶᠢᠨ 15 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠴᠸ ᠬᠤᠩ ᠯᠢᠶᠠᠩ ) ᠠᠮᠸᠷᠢᠺᠠ ᠪᠡᠷ ᠭᠤᠤᠯᠯᠠᠭᠤᠯᠤᠭᠰᠠᠠ ᠲᠠᠪᠠᠷᠠᠮᠠᠲᠠᠭᠠᠢ ᠪᠦᠯᠦᠭᠲᠡᠨ 《ᠢᠰᠯᠠᠮ ᠤᠨ ᠤᠯᠤᠰ》 ᠲᠤ ᠴᠤᠬᠢᠯᠲᠠ ᠦᠭ᠍ᠬᠦ ᠤᠯᠠᠨ ᠤᠯᠤᠰ ᠤᠨ ᠬᠤᠯᠪᠤᠭ᠎ᠠ ᠲᠤᠬᠠᠢ ᠶᠢᠨ ᠡᠲᠦᠷ ᠰᠢᠷᠢᠶ᠎ᠠ ᠶᠢᠨ ᠽᠦᠷ ᠮᠤᠵᠢ ᠳ᠋ᠤ ᠠᠭᠠᠷ ᠤᠨ ᠲᠠᠭᠠᠷᠢᠯᠲᠠ ᠶᠠᠪᠤᠭᠤᠯᠬᠤ ᠦᠶ᠎ᠠ ᠪᠡᠷ 40 ᠭᠠᠷᠤᠢ ᠢᠷᠭᠡᠨ ᠠᠮᠢ ᠨᠠᠰᠤ ᠪᠠᠨ ᠠᠯᠲᠠᠭᠰᠠᠨ ᠭᠡᠵᠦ ᠰᠢᠷᠢᠶ᠎ᠠ ᠶᠢᠨ ᠬᠡᠪᠯᠡᠯ ᠮᠡᠲᠡᠭᠡᠯᠡᠯ ᠮᠡᠲᠡᠭᠡᠯᠡᠪᠡ᠃

    ᠮᠡᠲᠡᠭᠡᠯᠡᠯ ᠳ᠋ᠤ᠂ ᠠᠭᠠᠷ ᠤᠨ ᠲᠠᠭᠠᠷᠢᠯᠲᠠ ᠶᠠᠪᠤᠭᠤᠯᠤᠭᠰᠠᠨ ᠽᠦᠷ ᠮᠤᠵᠢ ᠪᠤᠯ《ᠢᠰᠯᠠᠮ ᠤᠨ ᠤᠯᠤᠰ》 ᠤᠨ ᠡᠵᠡᠮᠰᠢᠯ ᠤᠨ ᠭᠠᠵᠠᠷ ᠪᠤᠯᠬᠤ ᠶᠤᠮ ᠭᠡᠵᠡᠢ᠃

    ᠮᠦᠨ ᠮᠡᠲᠡᠭᠡᠯᠡᠭᠰᠡᠨ ᠢᠶᠡᠷ᠂ ᠰᠡᠬᠦᠯ ᠤᠨ ᠦᠶ᠎ᠠ ᠡᠴᠡ ᠨᠠᠭᠠᠰᠢ ᠰᠢᠷᠢᠶ᠎ᠠ ᠶᠢᠨ ᠵᠡᠬᠦᠨ ᠬᠤᠶᠢᠲᠤ ᠬᠡᠰᠡᠭ ᠤᠨ ᠠᠭᠠᠷ ᠤᠨ ᠲᠠᠭᠠᠷᠢᠯᠲᠠ ᠳ᠋ᠤ 20 ᠭᠠᠷᠤᠢ ᠢᠷᠭᠡᠨ ᠠᠮᠢ ᠨᠠᠰᠤ ᠪᠠᠨ ᠠᠯᠲᠠᠭᠰᠠᠨ ᠭᠡᠵᠡᠢ᠃

    2014 ᠤᠨ ᠳ᠋ᠤ ᠰᠢᠷᠢᠶ᠎ᠠ᠂ ᠢᠷᠠᠺ ᠤᠨ ᠬᠢᠯᠢ ᠳ᠋ᠤ ᠪᠠᠶᠢᠭ᠎ᠠ《ᠢᠰᠯᠠᠮ ᠤᠨ ᠤᠯᠤᠰ》 ᠲᠤ ᠠᠭᠠᠷ ᠤᠨ ᠲᠠᠭᠠᠷᠢᠯᠲᠠ ᠶᠠᠪᠤᠭᠤᠯᠬᠤ ᠵᠤᠷᠢᠯᠭ᠎ᠠ ᠪᠡᠷ ᠠᠮᠸᠷᠢᠺᠠ ᠵᠡᠷᠭᠡ ᠤᠯᠤᠰ ᠤᠯᠠᠨ ᠤᠯᠤᠰ ᠤᠨ ᠬᠤᠯᠪᠤᠭ᠎ᠠ ᠪᠠᠶᠢᠭᠤᠯᠪᠠ᠃ ᠰᠢᠷᠢᠶ᠎ᠠ ᠶᠢᠨ ᠵᠠᠰᠠᠭ ᠤᠨ ᠭᠠᠵᠠᠷ ᠡᠴᠡ ᠡᠨᠡᠬᠦ ᠬᠤᠯᠪᠤᠭᠠᠨ ᠳ᠋ᠤ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠡᠷᠬᠡ ᠤᠯᠭᠤᠭᠰᠠᠨ ᠦᠭᠡᠢ ᠪᠠᠶᠢᠲᠠᠯ᠎ᠠ ᠢᠷᠭᠡᠳ ᠤᠨ ᠠᠮᠢ ᠨᠠᠰᠤ ᠶᠢ ᠬᠤᠷᠤᠭᠠᠵᠤ ᠪᠠᠶᠢᠨ᠎ᠡ ᠭᠡᠵᠦ ᠪᠤᠷᠤᠭᠤᠰᠢᠶᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120980186