蒙古文网站Logo
ᠰᠢᠨᠬᠤᠸᠠ ᠮᠤᠩᠭ᠋ᠤᠯ ᠨᠧᠲ

ᠡᠸᠦ᠋ᠷᠦᠫᠠ ᠶᠢᠨ ᠬᠤᠯᠪᠤᠭᠠᠨ ᠤ ᠠᠮᠤᠷ ᠲᠦᠪᠰᠢᠨ ᠪᠠ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ ᠤᠨᠴᠠᠭᠠᠢ ᠲᠦᠯᠦᠭᠡᠯᠡᠭᠴᠢ ᠦᠺᠷᠠᠶᠢᠨ ᠤ ᠮᠦᠷᠬᠦᠯᠲᠦᠭᠡᠨ ᠲᠠᠢ ᠤᠷᠤᠨ ᠳ᠋ᠤ ᠠᠮᠢ ᠨᠠᠰᠤ ᠪᠠᠨ ᠠᠯᠲᠠᠭᠰᠠᠨ ᠬᠡᠷᠡᠭ ᠢ ᠦᠷᠬᠦᠯᠵᠢᠯᠡᠨ ᠪᠠᠶᠢᠴᠠᠭᠠᠨ᠎ᠠ ᠭᠡᠵᠡᠢ

2017-05-16 17:13

    ᠰᠢᠨᠬᠤᠸᠠ ᠬᠤᠷᠢᠶ᠎ᠠ   ᠮᠢᠨᠰᠺ ᠤᠨ 5 ᠰᠠᠷ᠎ᠠ ᠶᠢᠨ 15 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢ ᠵᠢᠶᠠ᠂ ᠸᠸᠢ ᠵᠦᠩ ᠵᠢᠶᠸ ) 15 ᠤ ᠡᠲᠦᠷ᠂ ᠡᠸᠦ᠋ᠷᠦᠫᠠ ᠶᠢᠨ ᠬᠤᠯᠪᠤᠭᠠᠨ ᠤ ᠠᠮᠤᠷ ᠲᠦᠪᠰᠢᠨ ᠪᠠ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠡᠴᠡ ᠪᠸᠯᠦᠷᠦ᠋ᠰ ᠤᠨ ᠨᠡᠶᠢᠰᠯᠡᠯ ᠮᠢᠨᠰᠺ ᠲᠤ ᠢᠯᠡᠷᠬᠡᠶᠢᠯᠡᠬᠦ ᠳ᠋ᠡᠭᠡᠨ᠂ ᠲᠤᠰ ᠵᠤᠬᠢᠶᠠᠨ ᠪᠠᠶᠢᠭᠤᠯᠤᠯᠲᠠ ᠶᠢᠨ ᠤᠨᠴᠠᠭᠠᠢ ᠲᠦᠯᠦᠭᠡᠯᠡᠭᠴᠢ ᠦᠺᠷᠠᠶᠢᠨ ᠤ ᠮᠦᠷᠬᠦᠯᠲᠦᠭᠡᠨ ᠲᠠᠢ ᠤᠷᠤᠨ ᠳ᠋ᠤ ᠠᠮᠢ ᠨᠠᠰᠤ ᠪᠠᠨ ᠠᠯᠲᠠᠭᠰᠠᠨ ᠬᠡᠷᠡᠭ ᠢ ᠦᠷᠬᠦᠯᠵᠢᠯᠡᠨ ᠪᠠᠶᠢᠴᠠᠭᠠᠨ᠎ᠠ ᠭᠡᠵᠡᠢ᠃

    4 ᠰᠠᠷ᠎ᠠ ᠶᠢᠨ 23 ᠤ ᠡᠲᠦᠷ᠂ ᠡᠸᠦ᠋ᠷᠦᠫᠠ ᠶᠢᠨ ᠬᠤᠯᠪᠤᠭᠠᠨ ᠤ ᠠᠮᠤᠷ ᠲᠦᠪᠰᠢᠨ ᠪᠠ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ ᠤᠨᠴᠠᠭᠠᠢ ᠲᠦᠯᠦᠭᠡᠯᠡᠭᠴᠢ ᠶᠢᠨ ᠮᠠᠰᠢᠨ ᠲᠡᠷᠭᠡ ᠦᠺᠷᠠᠶᠢᠨ ᠤ ᠮᠦᠷᠬᠦᠯᠲᠦᠭᠡᠨ ᠲᠠᠢ ᠤᠷᠤᠨ ᠢ ᠦᠩᠭᠡᠷᠡᠬᠦ ᠦᠶ᠎ᠠ ᠪᠡᠷ ᠮᠢᠨ᠎ᠠ ᠲᠡᠯᠪᠡᠷᠡᠵᠦ ᠲᠤᠰ ᠵᠤᠬᠢᠶᠠᠨ ᠪᠠᠶᠢᠭᠤᠯᠤᠯᠲᠠ ᠶᠢᠨ 1 ᠲᠦᠯᠦᠭᠡᠯᠡᠭᠴᠢ ᠠᠮᠢ ᠨᠠᠰᠤ ᠪᠠᠨ ᠠᠯᠲᠠᠵᠤ 2 ᠬᠦᠮᠦᠨ ᠰᠢᠷᠬᠠᠲᠤᠪᠠ᠃

    ᠲᠤᠰ ᠵᠤᠬᠢᠶᠠᠨ ᠪᠠᠶᠢᠭᠤᠯᠤᠯᠲᠠ ᠡᠴᠡ ᠦᠺᠷᠠᠶᠢᠨ ᠤ ᠮᠦᠷᠬᠦᠯᠲᠦᠭᠡᠨ ᠲᠠᠢ ᠤᠷᠤᠨ ᠤ ᠮᠢᠨ᠎ᠠ ᠶᠢᠨ ᠤᠷᠤᠨ ᠢ ᠲᠤᠲᠤᠯᠠᠬᠤ ᠴᠢᠬᠤᠯᠠ ᠲᠠᠢ ᠪᠦᠭᠡᠳ ᠲᠦᠯᠦᠭᠡᠯᠡᠭᠴᠢ ᠢ ᠪᠠᠭᠲᠠᠭᠠᠭᠰᠠᠨ ᠬᠠᠪᠢ ᠲᠦᠰᠦᠷ ᠤᠨ ᠢᠷᠭᠡᠳ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃

    ᠦᠺᠷᠠᠶᠢᠨ᠂ ᠡᠸᠦ᠋ᠷᠦᠫᠠ ᠶᠢᠨ ᠬᠤᠯᠪᠤᠭ᠎ᠠ᠂ ᠤᠷᠤᠰ ᠵᠡᠷᠭᠡ ᠬᠡᠲᠦᠨ ᠲᠠᠯ᠎ᠠ ᠪᠡᠷ ᠢᠶᠡᠨ ᠡᠨᠡ ᠰᠠᠷ᠎ᠠ ᠶᠢᠨ 24 ᠤ ᠡᠲᠦᠷ ᠦᠺᠷᠠᠶᠢᠨ ᠤ ᠠᠰᠠᠭᠤᠲᠠᠯ ᠤᠨ ᠲᠤᠬᠠᠢ ᠲᠠᠬᠢᠨ ᠶᠠᠷᠢᠯᠴᠠᠬᠤ ᠬᠤᠷᠠᠯ ᠵᠤᠬᠢᠶᠠᠨ ᠪᠠᠶᠢᠭᠤᠯᠬᠤ ᠪᠤᠯᠤᠨ᠎ᠠ᠃

    2014 ᠤᠨ ᠤ 4 ᠰᠠᠷ᠎ᠠ ᠳ᠋ᠤ ᠦᠺᠷᠠᠶᠢᠨ ᠤ ᠵᠡᠬᠦᠨ ᠬᠡᠰᠡᠭ ᠲᠤ ᠵᠡᠪᠰᠡᠭᠲᠦ ᠮᠦᠷᠬᠦᠯᠲᠦᠭᠡᠨ ᠭᠠᠷᠴᠤ᠂ ᠮᠦᠨ ᠤᠨ ᠤ 9 ᠰᠠᠷ᠎ᠠ ᠳ᠋ᠤ ᠦᠺᠷᠠᠶᠢᠨ᠂ ᠡᠸᠦ᠋ᠷᠦᠫᠠ ᠶᠢᠨ ᠬᠤᠯᠪᠤᠭ᠎ᠠ᠂ ᠤᠷᠤᠰ ᠪᠠ ᠦᠺᠷᠠᠶᠢᠨ ᠤ ᠵᠡᠬᠦᠨ ᠪᠦᠰᠡ ᠶᠢᠨ ᠢᠷᠭᠡᠨ ᠤ ᠵᠡᠪᠰᠡᠭᠲᠦ ᠪᠦᠯᠦᠭᠲᠡᠨ ᠲᠠᠶᠢᠲᠤᠬᠤ ᠪᠠᠨ ᠵᠤᠭᠰᠤᠬᠤ ᠬᠡᠯᠡᠯᠴᠡᠭᠡᠷ ᠲᠤᠭᠲᠠᠭᠰᠠᠨ ᠪᠤᠯᠪᠠᠴᠤ ᠮᠦᠷᠬᠦᠯᠲᠦᠭᠡᠨ ᠶᠡᠷᠦ ᠵᠤᠭᠰᠤᠭᠰᠠᠨ ᠦᠭᠡᠢ᠃ 2015 ᠤᠨ ᠤ 2 ᠰᠠᠷ᠎ᠠ ᠳ᠋ᠤ ᠰᠢᠨ᠎ᠡ ᠮᠢᠨᠰᠺ ᠤᠨ ᠬᠡᠯᠡᠯᠴᠡᠭᠡᠷ ᠲᠤᠭᠲᠠᠵᠤ᠂ ᠡᠯ᠎ᠡ ᠲᠠᠯ᠎ᠠ ᠪᠡᠷ ᠢᠶᠡᠨ ᠦᠺᠷᠡᠶᠢᠨ ᠤ ᠵᠡᠬᠦᠨ ᠪᠦᠰᠡ ᠶᠢᠨ ᠮᠦᠷᠬᠦᠯᠲᠦᠭᠡᠨ ᠤ ᠲᠤᠬᠠᠢ ᠤᠯᠤᠰ ᠲᠦᠷᠦ ᠶᠢᠨ ᠲᠠᠯ᠎ᠠ ᠪᠡᠷ ᠨᠢᠭᠡᠲᠦᠭᠰᠡᠨ ᠪᠤᠯᠪᠠᠴᠦ ᠬᠡᠷᠡᠭᠵᠢᠬᠦᠯᠦᠭᠲᠡᠵᠦ ᠴᠢᠲᠠᠭᠰᠠᠨ ᠦᠭᠡᠢ᠃ ᠡᠨᠡ ᠤᠨ ᠤ 3 ᠰᠠᠷ᠎ᠠ ᠶᠢᠨ 29 ᠤ ᠡᠲᠦᠷ᠂ ᠦᠺᠷᠠᠶᠢᠨ ᠤ ᠵᠡᠬᠦᠨ ᠪᠦᠰᠡ ᠶᠢᠨ ᠮᠦᠷᠬᠦᠯᠲᠦᠭᠡᠨ ᠲᠠᠢ ᠲᠠᠯ᠎ᠠ ᠨᠤᠭᠤᠳ 4 ᠰᠠᠷ᠎ᠠ ᠶᠢᠨ 1 ᠤ ᠦᠦᠷ ᠡᠴᠡ ᠲᠠᠶᠢᠲᠤᠬᠤ ᠪᠠᠨ ᠵᠤᠭᠰᠤᠵᠤ ᠬᠦᠨᠳᠦ ᠵᠡᠪᠰᠡᠭ ᠲᠤᠨᠤᠭᠯᠠᠯ ᠢᠶᠡᠨ ᠲᠤᠰ ᠪᠦᠰᠡ ᠡᠴᠡ ᠰᠢᠯᠵᠢᠬᠦᠯᠦᠨ ᠭᠠᠷᠭᠠᠨ᠎ᠠ ᠭᠡᠵᠦ ᠬᠡᠯᠡᠯᠴᠡᠨ ᠲᠤᠬᠢᠷᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120982411