蒙古文网站Logo
ᠰᠢᠨᠬᠤᠸᠠ ᠮᠤᠩᠭ᠋ᠤᠯ ᠨᠧᠲ

ᠢᠲ᠋ᠠᠯᠢ ᠭᠠᠵᠠᠷ ᠤᠨ ᠲᠤᠮᠲᠠᠲᠤ ᠲᠠᠩᠬᠢᠰ ᠡᠴᠡ 484 ᠲᠦᠷᠪᠡᠭ᠍ᠰᠡᠳ ᠢ ᠠᠪᠤᠷᠠᠪᠠ

2017-05-16 17:14

    ᠰᠢᠨᠬᠤᠸᠠ ᠬᠤᠷᠢᠶ᠎ᠠ   ᠷᠤᠮᠠ ᠶᠢᠨ 5 ᠰᠠᠷ᠎ᠠ ᠶᠢᠨ 15 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠦᠸᠸ ᠨᠠ ) ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠲᠦᠷᠪᠡᠭ᠍ᠰᠡᠳ ᠤᠨ ᠵᠠᠬᠢᠷᠭ᠎ᠠ ᠶᠢᠨ ᠢᠲ᠋ᠠᠯᠢ ᠳ᠋ᠤ ᠰᠠᠭᠤᠭ᠎ᠠ ᠬᠡᠷᠡᠭ ᠡᠷᠬᠢᠯᠡᠬᠦ ᠠᠯᠪᠠᠨ ᠡᠴᠡ 15 ᠤ ᠡᠲᠦᠷ ᠬᠡᠯᠡᠬᠦ ᠳ᠋ᠡᠭᠡᠨ᠂ ᠢᠲ᠋ᠠᠯᠢ ᠶᠢᠨ ᠲᠠᠯᠠᠢ ᠶᠢᠨ ᠴᠠᠭᠲᠠᠭ᠎ᠠ ᠪᠠ ᠲᠠᠯᠠᠢ ᠶᠢᠨ ᠴᠡᠷᠢᠭ 14 ᠤ ᠡᠲᠦᠷ ᠭᠠᠵᠠᠷ ᠤᠨ ᠲᠤᠮᠲᠠᠲᠤ ᠲᠠᠩᠬᠢᠰ ᠡᠴᠡ 484 ᠲᠦᠷᠪᠡᠭ᠍ᠰᠡᠳ ᠢ ᠠᠪᠤᠷᠠᠵᠤ᠂ 20 ᠬᠦᠮᠦᠨ ᠠᠮᠢ ᠨᠠᠰᠤ ᠪᠠᠨ ᠠᠯᠲᠠᠪᠠ ᠭᠡᠵᠡᠢ᠃

    ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠲᠦᠷᠪᠡᠭ᠍ᠰᠡᠳ ᠤᠨ ᠵᠠᠬᠢᠷᠭᠠᠨ ᠤ ᠪᠦᠷᠢᠳᠭᠡᠭ᠍ᠰᠡᠨ ᠬᠠᠮᠤᠭ ᠤᠨ ᠰᠢᠨ᠎ᠡ ᠪᠦᠷᠢᠳᠭᠡᠯ ᠳ᠋ᠤ 5 ᠰᠠᠷ᠎ᠠ ᠶᠢᠨ 12 ᠤᠨ ᠡᠲᠦᠷ ᠪᠤᠯᠲᠠᠯ᠎ᠠ᠂ 2017 ᠤᠨ ᠳ᠋ᠤ 5.3 ᠲᠦᠮᠡᠨ ᠲᠦᠷᠪᠡᠭ᠍ᠰᠡᠳ ᠭᠠᠵᠠᠷ ᠤᠨ ᠲᠤᠮᠲᠠᠲᠤ ᠲᠠᠩᠬᠢᠰ ᠭᠠᠲᠤᠯᠤᠨ ᠡᠸᠦ᠋ᠷᠦᠫᠠ ᠲᠢᠪ ᠢ ᠵᠤᠷᠢᠵᠤ᠂ 1344 ᠬᠦᠮᠦᠨ ᠠᠮᠢ ᠨᠠᠰᠤ ᠪᠠᠨ ᠠᠯᠲᠠᠪᠠ᠃ ᠤᠲᠤᠬᠠᠨ ᠳ᠋ᠤ᠂ ᠢᠲ᠋ᠠᠯᠢ 4.5 ᠲᠦᠮᠡ ᠭᠠᠷᠤᠢ ᠲᠦᠷᠪᠡᠭ᠍ᠰᠡᠳ ᠢ ᠬᠦᠯᠢᠶᠠᠨ ᠠᠪᠤᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120982456