蒙古文网站Logo
ᠰᠢᠨᠬᠤᠸᠠ ᠮᠤᠩᠭ᠋ᠤᠯ ᠨᠧᠲ

ᠠᠮᠸᠷᠢᠺᠠ ᠶᠢᠨ ᠤᠯᠤᠰ ᠲᠦᠷᠦ ᠳ᠋ᠤ ᠬᠠᠭᠠᠴᠠᠯ ᠭᠠᠷᠬᠤ ᠬᠠᠨᠲᠤᠰᠢ ᠲᠠᠢ ᠭᠡᠵᠦ ᠫᠦᠲ᠋ᠢᠨ ᠢᠯᠡᠷᠬᠡᠶᠢᠯᠡᠪᠡ

2017-05-18 16:17

    ᠰᠢᠨᠬᠤᠸᠠ ᠬᠤᠷᠢᠶ᠎ᠠ   ᠮᠤᠰᠺᠸᠠ ᠶᠢᠨ 5 ᠰᠠᠷ᠎ᠠ ᠶᠢᠨ 17 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠠᠨ ᠰᠢᠶᠤ ᠮᠸᠩ ) ᠤᠷᠤᠰ ᠤᠨ ᠶᠡᠷᠦᠩᠬᠡᠶᠢᠯᠡᠭᠴᠢ ᠫᠦᠲ᠋ᠢᠨ 17 ᠤ ᠡᠲᠦᠷ ᠢᠯᠡᠷᠬᠡᠶᠢᠯᠡᠬᠦ ᠳ᠋ᠡᠭᠡᠨ᠂ ᠠᠮᠸᠷᠢᠺᠠ ᠶᠢᠨ ᠶᠡᠷᠦᠩᠬᠡᠶᠢᠯᠡᠭᠴᠢ ᠲᠷᠠᠮᠫ ᠤᠷᠤᠰ ᠲᠤ ᠨᠢᠭᠤᠴᠠ ᠵᠠᠲᠠᠷᠠᠭᠤᠯᠤᠭᠰᠠᠨ ᠲᠤᠬᠠᠢ ᠮᠡᠲᠡᠭᠡᠯᠡᠯ ᠨᠢ ᠤᠯᠤᠰ ᠲᠦᠷᠦ ᠶᠢᠨ ᠬᠠᠭᠠᠴᠠᠯ ᠭᠠᠷᠬᠤ ᠬᠠᠨᠲᠤᠰᠢ ᠲᠠᠢ ᠭᠡᠵᠡᠢ᠃ ᠲᠡᠷᠡᠪᠡᠷ ᠮᠦᠨ ᠠᠮᠸᠷᠢᠺᠠ ᠶᠢᠨ ᠵᠠᠰᠠᠭ ᠤᠨ ᠭᠠᠵᠠᠷ ᠱᠠᠭᠠᠷᠲᠠᠯᠭ᠎ᠠ ᠲᠠᠢ ᠪᠤᠯ ᠤᠷᠤᠰ ᠲᠤᠷᠠᠲᠠᠶ᠎ᠠ ᠲᠷᠠᠮᠫ ᠪᠤᠯᠤᠨ ᠤᠷᠤᠰ ᠤᠨ ᠭᠠᠲᠠᠭᠠᠲᠤ ᠶᠠᠪᠤᠲᠠᠯ ᠤᠨ ᠶᠠᠮᠤᠨ ᠤ ᠰᠠᠶᠢᠳ ᠯᠠᠹᠷᠦᠩ ᠤᠨ ᠶᠠᠷᠢᠯᠴᠠᠭᠰᠠᠨ ᠲᠡᠮᠲᠡᠭᠯᠡᠯ ᠢ ᠬᠠᠩᠭ᠋ᠠᠨ᠎ᠠ ᠭᠡᠵᠡᠢ᠃

    ᠤᠷᠤᠰ ᠢ ᠡᠰᠡᠷᠭᠦᠴᠡᠬᠦ ᠨᠠᠷ᠎ᠠ ᠪᠡᠷ ᠠᠮᠸᠷᠢᠺᠠ ᠶᠢᠨ ᠤᠯᠤᠰ ᠲᠦᠷᠦ ᠶᠢᠨ ᠲᠤᠭᠲᠠᠭᠤᠨ ᠢ ᠡᠪᠲᠡᠬᠦ ᠨᠢ ᠠᠶᠤᠯ ᠲᠠᠢ ᠪᠦᠭᠡᠳ ᠵᠢᠰᠦᠷ ᠵᠠᠯᠢᠬᠠᠢ᠂ ᠠᠮᠸᠷᠢᠺᠠ ᠶᠢᠨ ᠲᠤᠲᠤᠭᠠᠲᠤ ᠵᠠᠰᠠᠭ ᠲᠤ ᠤᠷᠤᠰ ᠭᠠᠷ ᠲᠦᠷᠦᠭᠰᠡᠨ ᠦᠭᠡᠢ ᠪᠦᠭᠡᠳ ᠲᠦᠷᠦᠬᠦ ᠴᠤ ᠰᠠᠨᠠᠭ᠎ᠠ ᠦᠭᠡᠢ ᠤᠷᠤᠰ ᠤᠨ ᠶᠡᠷᠦᠩᠬᠡᠶᠢᠯᠡᠭᠴᠢ ᠫᠦᠲ᠋ᠢᠨ ᠭᠡᠯᠡᠪᠡ᠃

    ᠠᠮᠸᠷᠢᠺᠠ ᠶᠢᠨ 《ᠸᠠᠰᠢᠩᠲ᠋ᠤᠨ ᠤ ᠰᠢᠤᠲᠠᠨ ᠰᠤᠨᠢᠨ》 ᠤ ᠮᠡᠲᠡᠭᠡᠯᠡᠭᠰᠡᠨ ᠢᠶᠡᠷ᠂ 15 ᠤ ᠡᠲᠦᠷ ᠲᠷᠠᠮᠫ ᠤᠷᠤᠰ ᠤᠨ ᠭᠠᠲᠠᠭᠠᠲᠤ ᠶᠠᠪᠤᠲᠠᠯ ᠤᠨ ᠰᠠᠶᠢᠳ ᠯᠠᠹᠷᠤᠩ ᠪᠠ ᠠᠮᠸᠷᠢᠺᠠ ᠳ᠋ᠤ ᠰᠠᠭᠤᠭ᠎ᠠ ᠤᠷᠤᠰ ᠤᠨ ᠡᠯᠴᠢᠨ ᠰᠠᠶᠢᠳ ᠢ ᠬᠦᠯᠢᠶᠠᠨ ᠠᠭᠤᠯᠵᠠᠬᠤ ᠦᠶ᠎ᠠ ᠪᠡᠷ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ《ᠢᠰᠯᠠᠮ ᠤᠨ ᠤᠯᠤᠰ》 ᠤᠨ ᠨᠢᠭᠤᠴᠠ ᠮᠡᠲᠡᠭᠡᠯᠡᠯ ᠢ ᠤᠷᠤᠰ ᠤᠨ ᠲᠠᠯ᠎ᠠ ᠳ᠋ᠤ ᠬᠠᠩᠭ᠋ᠠᠵᠤ ᠦᠭ᠍ᠬᠦᠭ᠍ᠰᠡᠨ ᠭᠡᠵᠡᠢ᠃

    ᠲᠤᠬᠠᠢ ᠶᠢᠨ ᠡᠲᠦᠷ ᠪᠤᠯᠤᠬᠰᠠᠨ ᠬᠡᠪᠯᠡᠯ ᠮᠡᠲᠡᠭᠡᠯᠡᠯ ᠤᠨ ᠬᠤᠷᠠᠯ ᠳ᠋ᠤ᠂ ᠫᠦᠲ᠋ᠢᠨ ᠤᠷᠤᠰ ᠪᠤᠯᠤᠨ ᠡᠸᠦ᠋ᠷᠦᠫᠠ ᠶᠢᠨ ᠬᠤᠯᠪᠤᠭᠠᠨ ᠤ ᠬᠠᠷᠢᠴᠠᠭᠠᠨ ᠤ ᠲᠤᠬᠠᠢ ᠦᠬᠦᠯᠡᠵᠡᠢ᠃ ᠤᠲᠤᠬᠠᠨ ᠳ᠋ᠤ ᠤᠷᠤᠰ ᠪᠠ ᠡᠸᠦ᠋ᠷᠦᠫᠠ ᠶᠢᠨ ᠬᠤᠯᠪᠤᠭᠠᠨ ᠤ ᠬᠠᠷᠢᠴᠠᠭ᠎ᠠ ᠬᠡᠪ ᠤᠨ ᠪᠤᠰᠤ ᠪᠠᠶᠢᠵᠤ᠂ ᠬᠤᠶᠠᠷ ᠲᠠᠯ᠎ᠠ ᠪᠡᠷ ᠢᠶᠡᠨ ᠡᠳ᠋ ᠤᠨ ᠵᠠᠰᠠᠭ ᠤᠨ ᠬᠠᠮᠲᠤᠷᠠᠯᠴᠠᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠤᠷᠴᠢᠨ ᠢ ᠪᠤᠢ ᠪᠤᠯᠭᠠᠪᠠᠯ ᠵᠤᠬᠢᠨ᠎ᠠ ᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120995885