蒙古文网站Logo
ᠰᠢᠨᠬᠤᠸᠠ ᠮᠤᠩᠭ᠋ᠤᠯ ᠨᠧᠲ

ᠮᠸᠺᠰᠢᠺᠦ ᠶᠢᠨ ᠠᠶᠠᠨᠴᠢᠨ ᠤ ᠮᠠᠰᠢᠨ ᠠᠭᠤᠯᠠᠨ ᠬᠦᠨᠲᠡᠢ ᠳ᠋ᠤ ᠤᠨᠠᠵᠠᠢ

2017-05-23 10:28

    ᠰᠢᠨᠬᠤᠸᠠ ᠬᠤᠷᠢᠶ᠎ᠠ   ᠮᠸᠺᠰᠢᠺᠦ ᠶᠢᠨ 5 ᠰᠠᠷ᠎ᠠ ᠶᠢᠨ 21 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠡᠦ ᠬᠤᠤ ) 5 ᠰᠠᠷ᠎ᠠ ᠶᠢᠨ 21 ᠤ ᠡᠲᠦᠷ ᠮᠸᠺᠰᠢᠺᠦ ᠶᠢᠨ ᠴᠢᠶᠠᠫᠠᠰ ᠵᠸᠦ ᠳ᠋ᠤ ᠨᠢᠭᠡ ᠠᠶᠠᠨᠴᠢᠨ ᠤ ᠮᠠᠰᠢᠨ ᠲᠡᠷᠭᠡ ᠠᠭᠤᠯᠠᠨ ᠬᠦᠨᠲᠡᠢ ᠳ᠋ᠤ ᠤᠨᠠᠵᠤ᠂ ᠨᠠᠭᠠᠲᠤ ᠵᠠᠬ᠎ᠠ ᠳ᠋ᠠᠭᠠᠨ 12 ᠬᠦᠮᠦᠨ ᠠᠮᠢ ᠨᠠᠰᠤ ᠪᠠᠨ ᠠᠯᠲᠠᠵᠤ᠂ 20 ᠭᠠᠷᠤᠢ ᠬᠦᠮᠦᠨ ᠰᠢᠷᠬᠠᠲᠤᠪᠠ᠃

    ᠲᠤᠬᠠᠢ ᠶᠢᠨ ᠤᠷᠤᠨ ᠤ ᠬᠡᠪᠯᠡᠯ ᠮᠡᠲᠡᠭᠡᠯᠡᠯ ᠤᠨ ᠮᠡᠲᠡᠭᠡᠯᠡᠭᠰᠡᠨ ᠢᠶᠡᠷ᠂ ᠠᠶᠠᠨᠴᠢᠨ ᠤ ᠮᠠᠰᠢᠨ ᠳ᠋ᠤ ᠪᠠᠷᠤᠭ 40 ᠠᠶᠠᠨᠴᠢᠨ ᠪᠠᠶᠢᠪᠠ᠂ ᠡᠭᠦᠨ ᠳ᠋ᠤ ᠱᠠᠰᠢᠨ ᠤ ᠠᠵᠢᠯᠯᠠᠭ᠎ᠠ ᠳ᠋ᠤ ᠤᠷᠤᠯᠴᠠᠭᠰᠠᠨ ᠬᠦᠮᠦᠰ ᠴᠤ ᠪᠠᠶᠢᠯᠴᠠᠪᠠ ᠭᠡᠵᠡᠢ᠃

    ᠤᠶᠢᠯᠠᠭᠠᠭᠰᠠᠨ ᠢᠶᠡᠷ᠂ ᠬᠡᠷᠡᠭ ᠤᠨ ᠲᠤᠬᠠᠢ ᠶᠢᠨ ᠲᠠᠯᠠᠪᠤᠷ ᠪᠤᠯ ᠮᠸᠺᠰᠢᠺᠦ ᠪᠠ ᠭᠤᠸᠠᠲ᠋ᠸᠮᠠᠯᠠ ᠶᠢᠨ ᠠᠭᠤᠯᠵᠠᠷ ᠠᠭᠤᠯᠠᠨ ᠤᠷᠤᠨ ᠪᠠᠶᠢᠵᠤ᠂ ᠵᠠᠮ ᠤᠨ ᠰᠠᠭᠠᠲᠤᠯ ᠶᠡᠬᠡᠲᠡᠢ ᠨᠦᠬᠦᠴᠡᠯ ᠪᠠᠷᠤᠭᠲᠠᠢ ᠭᠠᠵᠠᠷ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120791121019155