蒙古文网站Logo
ᠰᠢᠨᠬᠤᠸᠠ ᠮᠤᠩᠭ᠋ᠤᠯ ᠨᠧᠲ

ᠲᠡᠯᠡᠬᠡᠢ ᠶᠢᠨ ᠡᠷᠡᠬᠦᠯ ᠮᠡᠨᠳᠦ ᠶᠢᠨ 70 ᠳ᠋ᠡᠬᠢ ᠬᠤᠭᠤᠴᠠᠭᠠᠨ ᠤ ᠶᠡᠬᠡ ᠬᠤᠷᠠᠯ ᠡᠬᠢᠯᠡᠪᠡ

2017-05-23 10:31

    ᠰᠢᠨᠬᠤᠸᠠ ᠬᠤᠷᠢᠶ᠎ᠠ   ᠵᠸᠨ᠋ᠸᠸᠠ ᠶᠢᠨ 5 ᠰᠠᠷ᠎ᠠ ᠶᠢᠨ 22 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠠᠩ ᠮᠢᠶᠤᠤ᠂ ᠯᠢᠦ ᠴᠢᠦᠢ ) 5 ᠰᠠᠷ᠎ᠠ ᠶᠢᠨ 22 ᠤᠨ ᠦᠲᠡ ᠶᠢᠨ ᠡᠮᠦᠨ᠎ᠡ᠂ ᠲᠡᠯᠡᠬᠡᠢ ᠶᠢᠨ ᠡᠷᠡᠬᠦᠯ ᠮᠡᠨᠳᠦ ᠶᠢᠨ 70 ᠳ᠋ᠡᠬᠢ ᠬᠤᠭᠤᠴᠠᠭᠠᠨ ᠤ ᠶᠡᠬᠡ ᠬᠤᠷᠠᠯ ᠵᠸᠨ᠋ᠸᠸᠠ ᠳ᠋ᠦ ᠬᠤᠷᠠᠯᠲᠤᠵᠤ᠂ ᠲᠡᠯᠡᠬᠡᠢ ᠶᠢᠨ ᠡᠷᠡᠬᠦᠯ ᠮᠡᠨᠲᠦ ᠶᠢᠨ ᠵᠤᠬᠢᠶᠠᠨ ᠪᠠᠶᠢᠭᠤᠯᠤᠯᠲᠠ ᠶᠢᠨ 194 ᠭᠡᠰᠢᠬᠦᠨ᠂ ᠲᠦᠯᠦᠭᠡᠯᠡᠭᠴᠢ 10 ᠡᠲᠦᠷ ᠤᠨ ᠬᠤᠭᠤᠴᠠᠭᠠᠨ ᠳ᠋ᠤ ᠪᠦᠬᠦ ᠨᠡᠶᠢᠲᠡ ᠶᠢᠨ ᠠᠩᠬᠠᠷᠴᠤ ᠪᠠᠶᠢᠭ᠎ᠠ ᠡᠷᠡᠬᠦᠯ ᠮᠡᠨᠲᠦ ᠶᠢᠨ ᠬᠠᠯᠠᠮᠰᠢᠯ ᠠᠰᠠᠭᠤᠲᠠᠯ ᠢ ᠵᠦᠪᠯᠡᠵᠦ᠂ ᠲᠡᠯᠡᠬᠡᠢ ᠶᠢᠨ ᠡᠷᠡᠬᠦᠯ ᠮᠡᠨᠳᠦ ᠶᠢᠨ ᠵᠤᠬᠢᠶᠠᠨ ᠪᠠᠶᠢᠭᠤᠯᠤᠯᠲᠠ ᠶᠢᠨ ᠰᠢᠨ᠎ᠡ ᠡᠭᠡᠯᠵᠢ ᠶᠢᠨ ᠶᠡᠷᠦᠩᠬᠡᠢ ᠠᠵᠢᠯᠯᠠᠭᠴᠢ ᠶᠢ ᠰᠤᠩᠭ᠋ᠤᠬᠤ ᠪᠤᠯᠤᠨ᠎ᠠ᠃ ᠮᠦᠨ ᠲᠤᠰ ᠬᠤᠭᠤᠴᠠᠭᠠᠨ ᠤ ᠬᠤᠷᠠᠯ ᠢᠶᠡᠷ ᠤᠯᠠᠨ ᠨᠡᠶᠢᠲᠡ ᠶᠢᠨ ᠡᠷᠡᠬᠦᠯ ᠮᠡᠨᠲᠦ ᠲᠠᠢ ᠬᠠᠮᠢᠶᠠᠲᠠᠢ ᠰᠢᠢᠳᠪᠦᠷᠢ ᠶᠢ ᠪᠠᠲᠤᠯᠠᠬᠤ ᠪᠤᠯᠤᠨ᠎ᠠ᠃

    ᠲᠡᠯᠡᠬᠡᠢ ᠶᠢᠨ ᠡᠷᠡᠬᠦᠯ ᠮᠡᠨᠲᠦ ᠶᠢᠨ ᠶᠡᠬᠡ ᠬᠤᠷᠠᠯ ᠪᠤᠯ ᠲᠡᠯᠡᠬᠡᠢ ᠶᠢᠨ ᠡᠷᠡᠬᠦᠯ ᠮᠡᠨᠲᠦ ᠶᠢᠨ ᠵᠤᠬᠢᠶᠠᠨ ᠪᠠᠶᠢᠭᠤᠯᠤᠯᠲᠠ ᠶᠢᠨ ᠬᠠᠮᠤᠭ ᠤᠨ ᠲᠡᠭᠡᠳᠦ ᠰᠢᠢᠳᠪᠦᠷᠢ ᠲᠤᠭᠲᠠᠭᠠᠬᠤ ᠪᠠᠶᠢᠭᠤᠯᠤᠮᠵᠢ᠂ ᠡᠨᠡᠬᠦ ᠬᠤᠷᠠᠯ ᠨᠢ ᠶᠡᠷᠦ ᠳ᠋ᠡᠭᠡᠨ ᠵᠢᠯ ᠪᠦᠷᠢ ᠶᠢᠨ 5 ᠰᠠᠷ᠎ᠠ ᠳ᠋ᠤ ᠵᠸᠨ᠋ᠸᠸᠠ ᠳ᠋ᠤ ᠵᠤᠬᠢᠶᠠᠨ ᠪᠠᠶᠢᠭᠤᠯᠤᠭᠲᠠᠲᠠᠭ᠃ ᠶᠡᠬᠡ ᠬᠤᠷᠠᠯ ᠤᠨ ᠭᠤᠤᠯ ᠡᠭᠦᠷᠭᠡ ᠨᠢ ᠲᠡᠯᠡᠬᠡᠢ ᠶᠢᠨ ᠡᠷᠡᠬᠦᠯ ᠮᠡᠨᠲᠦ ᠶᠢᠨ ᠵᠤᠬᠢᠶᠠᠨ ᠪᠠᠶᠢᠭᠤᠯᠤᠯᠲᠠ ᠶᠢᠨ ᠲᠦᠷᠦ ᠶᠢᠨ ᠪᠤᠲᠤᠯᠭ᠎ᠠ ᠶᠢ ᠲᠤᠭᠲᠠᠭᠠᠬᠤ᠂ ᠲᠦᠰᠦᠯ ᠢ ᠬᠢᠨᠠᠨ ᠪᠠᠶᠢᠴᠠᠭᠠᠬᠤ ᠪᠠ ᠵᠦᠪᠰᠢᠶᠡᠷᠡᠬᠦ ᠵᠡᠷᠭᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120791121019171