蒙古文网站Logo
ᠰᠢᠨᠬᠤᠸᠠ ᠮᠤᠩᠭ᠋ᠤᠯ ᠨᠧᠲ

ᠲᠠᠶᠢᠯᠠᠨᠳ᠋ ᠤᠨ ᠪᠠᠩᠺᠦᠺ ᠤᠨ ᠨᠢᠭᠡ ᠴᠡᠷᠢᠭ ᠤᠨ ᠡᠮᠨᠡᠯᠭᠡ ᠳ᠋ᠤ ᠲᠡᠯᠪᠡᠷᠡᠯᠲᠡ ᠡᠭᠦᠰᠪᠡ

2017-05-23 10:41

    ᠰᠢᠨᠬᠤᠸᠠ ᠬᠤᠷᠢᠶ᠎ᠠ   ᠪᠠᠩᠺᠦᠺ ᠤᠨ 5 ᠰᠠᠷ᠎ᠠ ᠶᠢᠨ 22 ᠤᠨ ᠡᠲᠦᠷ ᠤᠨ ᠴᠠᠬᠢᠯᠭᠠᠨ ᠮᠡᠲᠡᠭᠡ ( ᠴᠸᠨ ᠵᠢᠶᠠ ᠪᠤᠤ᠂ ᠶᠠᠩ ᠵᠸᠦ ) ᠲᠠᠶᠢᠯᠠᠨᠳ᠋ ᠤᠨ ᠬᠡᠪᠯᠡᠯ ᠮᠡᠲᠡᠭᠡᠯᠡᠯ ᠤᠨ 22 ᠤᠨ ᠡᠲᠦᠷ ᠤᠨ ᠮᠡᠲᠡᠭᠡᠯᠡᠭᠰᠡᠨ ᠢᠶᠡᠷ᠂ ᠲᠤᠬᠠᠢ ᠶᠢᠨ ᠡᠲᠦᠷ ᠤᠨ ᠦᠲᠡ ᠶᠢᠨ ᠡᠮᠦᠨ᠎ᠡ  ᠨᠡᠶᠢᠰᠯᠡᠯ ᠪᠠᠩᠺᠦᠺ ᠤᠨ ᠨᠢᠭᠡ ᠴᠡᠷᠢᠭ ᠤᠨ ᠡᠮᠨᠡᠯᠭᠡ ᠳ᠋ᠤ ᠲᠡᠯᠪᠡᠷᠡᠯᠲᠡ ᠡᠭᠦᠰᠴᠦ᠂ 25 ᠬᠦᠮᠦᠨ ᠰᠢᠷᠬᠠᠲᠤᠪᠠ ᠭᠡᠵᠡᠢ᠃

    ᠬᠡᠷᠡᠭ ᠤᠨ ᠲᠤᠬᠠᠢ ᠶᠢᠨ ᠲᠠᠯᠠᠪᠤᠷ ᠡᠴᠡ ᠲᠡᠮᠦᠷᠯᠢᠭ᠌᠌ ᠤᠲᠠᠰᠤ ᠪᠠ ᠳ᠋ᠢᠶᠠᠨ ᡂᠢ᠂ ᠴᠠᠭᠯᠠᠭᠴᠢ ᠴᠠᠬᠢᠯᠭᠠᠨ ᠬᠡᠯᠬᠢᠶᠡᠵᠢᠮᠡᠯ ᠢ ᠢᠯᠡᠷᠡᠬᠦᠯᠦᠭᠰᠡᠨ ᠢᠶᠡᠷ ᠵᠤᠷᠢᠭᠤᠲᠠ ᠲᠡᠯᠪᠡᠷᠡᠬᠦᠯᠦᠭᠰᠡᠨ ᠬᠡᠷᠡᠭ ᠭᠡᠵᠦ ᠴᠠᠭᠲᠠᠭᠠᠨ ᠤ ᠬᠢᠨ ᠮᠠᠭᠠᠳᠯᠠᠪᠠ᠂ ᠬᠡᠷᠡᠭ ᠤᠨ ᠰᠡᠵᠢᠭᠲᠡᠨ ᠢ ᠪᠠᠶᠢᠴᠠᠭᠠᠵᠤ ᠪᠠᠶᠢᠨ᠎ᠠ᠃

    ᠡᠨᠡ ᠪᠤᠯ ᠰᠡᠬᠦᠯ ᠤᠨ ᠦᠶ᠎ᠠ ᠡᠴᠡ ᠨᠠᠭᠠᠰᠢ᠂ ᠪᠠᠩᠺᠦᠺ ᠲᠤ ᠡᠭᠦᠰᠦᠭᠰᠡᠨ ᠭᠤᠷᠪᠠᠲᠡᠬᠢ ᠤᠲᠠᠭᠠᠨ ᠤ ᠲᠡᠯᠪᠡᠷᠡᠯᠲᠡ ᠶᠢᠨ ᠬᠡᠷᠡᠭ ᠪᠤᠯᠤᠨ᠎ᠠ᠃ 5 ᠰᠠᠷ᠎ᠠ ᠶᠢᠨ 15 ᠤ ᠤᠷᠤᠢ᠂ ᠪᠠᠩᠺᠦᠺ ᠤᠨ ᠤᠯᠤᠰ ᠤᠨ ᠵᠦᠴᠦᠭᠡ ᠶᠢᠨ ᠬᠦᠷᠢᠶᠡᠯᠡᠩ ᠤᠨ ᠡᠭᠦᠲᠡᠨ ᠳᠤ ᠲᠡᠯᠪᠡᠷᠡᠯᠲᠡ ᠡᠭᠦᠰᠴᠦ᠂ ᠬᠤᠶᠠᠷ ᠬᠦᠮᠦᠨ ᠰᠢᠷᠬᠠᠲᠤᠪᠠ; 4 ᠰᠠᠷ᠎ᠠ ᠶᠢᠨ 5 ᠤ ᠡᠲᠦᠷ᠂ ᠪᠠᠩᠺᠦᠺ ᠤᠨ ᠨᠢᠭᠡ ᠠᠭᠤᠲᠠᠮ ᠲᠠᠯᠠᠪᠠᠢ ᠤᠷᠴᠢᠮ ᠳ᠋ᠤ ᠲᠡᠯᠪᠡᠷᠡᠯᠲᠡ ᠡᠭᠦᠰᠴᠦ᠂ ᠬᠤᠶᠠᠷ ᠴᠡᠪᠡᠷᠯᠡᠭᠴᠢ ᠰᠢᠷᠬᠠᠲᠤᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120791121019317