蒙古文网站Logo
ᠰᠢᠨᠬᠤᠸᠠ ᠮᠤᠩᠭ᠋ᠤᠯ ᠨᠧᠲ

ᠤᠷᠤᠰ᠄ ᠰᠡᠷᠭᠦᠭᠡᠰᠢ ᠬᠡᠷᠡᠭᠯᠡᠭᠰᠡᠨ ᠲᠠᠮᠢᠷᠴᠢᠳ ᠲᠦᠷᠦ ᠶᠢᠨ ᠪᠠᠶᠢᠭᠤᠯᠤᠯᠭ᠎ᠠ ᠳ᠋ᠤ ᠠᠯᠪᠠ ᠬᠠᠭᠠᠵᠤ ᠪᠤᠯᠬᠤ ᠦᠭᠡᠢ

2017-05-24 16:47

    ᠰᠢᠨᠬᠤᠸᠠ ᠬᠤᠷᠢᠶ᠎ᠠ   ᠮᠤᠰᠺᠸᠠ ᠶᠢᠨ 5 ᠰᠠᠷ᠎ᠠ ᠶᠢᠨ 23 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠴᠸᠨ ᠳ᠋ᠢ ) ᠤᠷᠤᠰ ᠤᠨ ᠰᠡᠷᠭᠦᠭᠡᠰᠢ ᠡᠴᠡ ᠲᠠᠲᠠᠭᠠᠯᠵᠠᠬᠤ ᠲᠤᠰᠬᠠᠢ ᠠᠵᠢᠯ ᠤᠨ ᠵᠦᠪᠯᠡᠯ ᠤᠨ ᠲᠡᠷᠢᠬᠦᠯᠡᠭᠴᠢ 23 ᠤ ᠡᠲᠦᠷ ᠢᠯᠡᠷᠬᠡᠶᠢᠯᠡᠬᠦ ᠳ᠋ᠡᠭᠡᠨ᠂ ᠰᠡᠷᠭᠦᠭᠡᠰᠢ ᠬᠡᠷᠡᠭᠯᠡᠭᠰᠡᠨ ᠡᠴᠡ ᠪᠤᠯᠵᠤ ᠤᠷᠤᠯᠲᠤᠭᠠᠨ ᠳ᠋ᠤ ᠤᠷᠤᠯᠴᠠᠬᠤ ᠡᠷᠬᠡ ᠪᠠᠨ ᠬᠠᠰᠤᠭᠤᠯᠤᠭᠰᠠᠨ ᠤᠷᠤᠰ ᠤᠨ ᠲᠠᠮᠢᠷᠴᠢᠳ ᠲᠦᠷᠦ ᠶᠢᠨ ᠪᠠᠶᠢᠭᠤᠯᠤᠯᠭ᠎ᠠ ᠳ᠋ᠤ ᠠᠯᠪᠠ ᠬᠠᠭᠠᠵᠤ ᠪᠤᠯᠬᠤ ᠦᠭᠡᠢ ᠭᠡᠵᠡᠢ᠃ ᠲᠡᠷᠡᠪᠡᠷ᠂ ᠰᠡᠷᠭᠦᠭᠡᠰᠢ ᠬᠡᠷᠡᠭᠯᠡᠬᠦ ᠨᠢ ᠲᠠᠮᠢᠷᠴᠢᠳ ᠢᠷᠡᠭᠡᠲᠦᠢ ᠪᠠᠨ ᠬᠠᠷᠠᠯᠠᠭᠤᠯᠵᠤ ᠪᠠᠶᠢᠬᠤ ᠶᠠᠪᠤᠲᠠᠯ ᠪᠤᠯᠤᠨ᠎ᠠ᠃ ᠤᠷᠤᠯᠲᠤᠭᠠᠨ ᠳ᠋ᠤ ᠤᠷᠤᠯᠴᠠᠬᠤ ᠡᠷᠬᠡ ᠪᠠᠨ ᠬᠠᠰᠤᠭᠤᠯᠤᠭᠰᠠᠨ ᠲᠠᠮᠢᠷᠴᠢᠳ᠂ ᠲᠠᠰᠬᠠᠯᠵᠢᠭᠤᠯᠤᠭᠴᠢ ᠲᠦᠷᠦ ᠶᠢᠨ ᠱᠠᠩᠨᠠᠯ᠂ ᠬᠦᠷᠲᠡᠭᠡᠮᠵᠢ ᠶᠢ ᠲᠤᠭ᠎ᠠ ᠶᠤᠰᠤᠭᠠᠷ ᠨᠢ ᠪᠤᠴᠠᠭᠠᠬᠤ ᠴᠢᠬᠤᠯᠠ ᠲᠠᠢ ᠭᠡᠵᠡᠢ᠃

    ᠰᠡᠬᠦᠯ ᠤᠨ ᠦᠶ᠎ᠠ ᠳ᠋ᠤ᠂ ᠤᠷᠤᠰ ᠤᠨ ᠪᠠᠶ᠎ᠠ ᠶᠢᠨ ᠲᠠᠮᠢᠷ ᠤᠨ ᠬᠢᠨ  ᠰᠡᠷᠬᠦᠭᠡᠰᠢ ᠬᠡᠷᠡᠭᠯᠡᠭᠰᠡᠨ ᠮᠠᠭᠤᠬᠠᠢ ᠰᠤᠨᠤᠰᠬᠠᠯ ᠭᠠᠷᠪᠠ᠃ 2015 ᠤᠨ ᠤ 11 ᠰᠠᠷ᠎ᠠ ᠳ᠋ᠤ᠂ ᠤᠷᠤᠰ ᠤᠨ ᠰᠫᠤᠷᠲ ᠤᠨ ᠨᠡᠶᠢᠭᠡᠮᠯᠢᠭ᠌ ᠤᠯᠠᠨ ᠤᠯᠤᠰ ᠤᠨ ᠰᠫᠤᠷᠲ ᠤᠨ ᠤᠷᠤᠯᠲᠤᠭᠠᠨ ᠳ᠋ᠤ ᠤᠷᠤᠯᠴᠠᠬᠤ ᠡᠷᠬᠡ ᠪᠠᠨ ᠬᠠᠰᠤᠭᠤᠯᠪᠠ᠃ ᠮᠦᠨ ᠡᠭᠦᠨ ᠤ ᠲᠠᠷᠠᠭ᠎ᠠ ᠪᠡᠷ ᠤᠷᠤᠯᠴᠠᠬᠤ ᠡᠷᠬᠡ ᠶᠢ ᠨᠢ ᠬᠠᠰᠤᠬᠤ ᠬᠤᠭᠤᠴᠠᠭ᠎ᠠ ᠶᠢ 2016 ᠤᠨ ᠤ 3 ᠰᠠᠷ᠎ᠠ᠂ 6 ᠰᠠᠷ᠎ᠠ᠂ 12 ᠰᠠᠷ᠎ᠠ ᠪᠤᠯᠭᠠᠨ ᠤᠷᠲᠤᠳᠬᠠᠪᠠ᠃ ᠡᠨᠡ ᠤᠨ ᠤ 2 ᠰᠠᠷ᠎ᠠ ᠶᠢᠨ ᠦᠶ᠎ᠠ ᠪᠡᠷ ᠤᠷᠤᠰ ᠤᠨ ᠰᠫᠤᠷᠲ ᠤᠨ ᠨᠡᠶᠢᠭᠡᠮᠯᠢᠭ᠌ ᠤᠨ ᠬᠢᠨ ᠤ ᠪᠦᠬᠦ ᠲᠠᠯ᠎ᠠ ᠪᠡᠷ ᠤᠷᠤᠯᠲᠤᠭᠠᠨ ᠳ᠋ᠤ ᠤᠷᠤᠯᠴᠠᠬᠤ ᠡᠷᠬᠡ ᠶᠢ ᠨᠢ 2017 ᠤᠨ ᠤ 11 ᠰᠠᠷ᠎ᠠ ᠪᠤᠯᠲᠠᠯ᠎ᠠ ᠬᠠᠰᠤᠪᠠ᠃ ᠡᠨᠡ ᠬᠤᠭᠤᠴᠠᠭᠠᠨ ᠳ᠋ᠤ ᠤᠷᠤᠰ ᠤᠨ ᠲᠠᠮᠢᠷᠴᠢᠳ ᠵᠦᠪᠬᠡᠨ ᠬᠤᠪᠢ ᠶᠢᠨ ᠨᠡᠷ᠎ᠡ ᠶᠢᠨ ᠶᠢᠡᠨ ᠡᠮᠦᠨ᠎ᠡ ᠡᠴᠡ ᠤᠷᠤᠯᠲᠤᠭᠠᠨ ᠳ᠋ᠤ ᠤᠷᠤᠯᠴᠠᠵᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120791121029025