蒙古文网站Logo
ᠰᠢᠨᠬᠤᠸᠠ ᠮᠤᠩᠭ᠋ᠤᠯ ᠨᠧᠲ

IMF ᠮᠤᠩᠭ᠋ᠤᠯ ᠤᠯᠤᠰ ᠲᠤ ᠭᠤᠷᠪᠠᠨ ᠵᠢᠯ ᠤᠨ ᠬᠤᠭᠤᠴᠠᠭ᠎ᠠ ᠲᠠᠢ ᠪᠡᠷ 4.3 ᠳ᠋ᠦ᠋ᠩᠰᠢᠭᠤᠷ ᠳ᠋ᠤᠯᠯᠠᠷ ᠵᠢᠬᠡᠯᠡᠯᠬᠡ ᠬᠠᠩᠭ᠋ᠠᠬᠤ ᠪᠡᠷ ᠪᠤᠯᠤᠯ᠎ᠠ

2017-05-26 09:07

    ᠰᠢᠨᠬᠤᠸᠠ ᠬᠤᠷᠢᠶ᠎ᠠ  ᠤᠯᠠᠭᠠᠨᠪᠠᠭᠠᠳᠤᠷ ᠤᠨ 5 ᠰᠠᠷ᠎ᠠ ᠶᠢᠨ 25 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠠᠰᠬᠠᠨ) ᠮᠤᠩᠭ᠋ᠤᠯ ᠤᠯᠤᠰ ᠤᠨ ᠤᠯᠤᠰ ᠤᠨ ᠶᠡᠬᠡ ᠬᠤᠷᠠᠯ ᠤᠨ ᠲᠠᠷᠤᠭ᠎ᠠ ᠡᠩᠬᠡᠪᠤᠯᠤᠳ 25 ᠤ ᠡᠳᠤᠷ ᠤᠨ ᠶᠡᠬᠡ ᠬᠤᠷᠠᠯ ᠤᠨ ᠡᠬᠡᠯᠵᠢᠳᠤ ᠬᠤᠷᠠᠯ ᠲᠡᠭᠡᠷ᠎ᠡ᠂ ᠤᠯᠠᠨ ᠤᠯᠤᠰ ᠤᠨ ᠮᠦᠩᠬᠦᠨ ᠤ ᠹᠤᠨᠳ᠋ ᠤᠨ ᠵᠤᠬᠢᠶᠠᠨ ᠪᠠᠶᠢᠭᠤᠯᠤᠯᠳᠠ (IMF) ᠡᠴᠡ ᠮᠤᠩᠭ᠋ᠤᠯ ᠤᠯᠤᠰ ᠲᠤ ᠭᠤᠷᠪᠠᠨ ᠵᠢᠯ ᠤᠨ ᠬᠤᠭᠤᠴᠠᠭ᠎ᠠ ᠲᠠᠢ ᠪᠡᠷ 4.343 ᠳ᠋ᠦ᠋ᠩᠰᠢᠭᠤᠷ ᠳ᠋ᠤᠯᠯᠠᠷ ᠵᠢᠬᠡᠯᠡᠯᠬᠡ ᠶᠢᠨ ᠮᠦᠩᠬᠦ ᠬᠠᠩᠭ᠋ᠠᠬᠤ ᠪᠡᠷ ᠪᠤᠯᠤᠯ᠎ᠠ ᠭᠡᠵᠤ ᠵᠠᠷᠯᠠᠪᠠ᠂ ᠠᠩᠬᠠᠨ ᠤ 3860 ᠲᠦᠮᠡᠨ ᠳ᠋ᠤᠯᠯᠠᠷ ᠢ ᠨᠢᠬᠡᠨᠳᠡ ᠪᠠᠭᠤᠯᠭᠠᠯ᠎ᠠ᠃

    ᠤᠯᠠᠨ ᠤᠯᠤᠰ ᠤᠨ ᠮᠦᠩᠬᠦᠨ ᠤ ᠹᠤᠨᠳ᠋ ᠤᠨ ᠵᠤᠬᠢᠶᠠᠨ ᠪᠠᠶᠢᠭᠤᠯᠤᠯᠳᠠ ᠲᠤᠰ ᠡᠳᠤᠷ ᠮᠦᠨ ᠡᠨᠡᠬᠦ ᠮᠡᠳᠡᠬᠡ ᠶᠢ ᠢᠯᠡ ᠵᠠᠷᠯᠠᠵᠤ᠂ ᠠᠽᠢᠶ᠎ᠠ ᠲᠢᠪ ᠤᠨ ᠨᠡᠬᠡᠬᠡᠯᠳᠡ ᠶᠢᠨ ᠪᠠᠩᠬᠢ᠂ ᠲᠡᠯᠡᠬᠡᠢ ᠶᠢᠨ ᠪᠠᠩᠬᠢ᠂ ᠶᠠᠫᠤᠨ ᠪᠤᠯᠤᠨ ᠺᠤᠷᠢᠶᠠ ᠵᠡᠷᠬᠡ ᠪᠤᠰᠤᠳ ᠮᠦᠩᠬᠦᠨ ᠬᠦᠢᠯᠬᠡᠬᠡᠨ ᠤ ᠬᠠᠨᠢᠳᠠᠨ ᠤ ᠲᠠᠯ᠎ᠠ ᠡᠴᠡ ᠪᠠᠰᠠ ᠮᠤᠩᠭ᠋ᠤᠯ ᠤᠯᠤᠰ ᠲᠤ ᠰᠠᠩᠬᠦᠦ ᠶᠢᠨ ᠲᠤᠭᠠᠴᠠᠭ᠎ᠠ ᠪᠤᠯᠤᠨ ᠲᠦᠰᠦᠯ ᠤᠨ ᠲᠡᠮᠵᠢᠯᠬᠡ ᠬᠠᠩᠭ᠋ᠠᠬᠤ ᠪᠡᠷ ᠪᠤᠢ᠂ ᠮᠦᠩᠬᠦᠨ ᠬᠦᠢᠯᠬᠡᠬᠡᠨ ᠤ ᠶᠡᠷᠦᠩᠬᠡᠢ ᠬᠡᠮᠵᠢᠶ᠎ᠡ ᠨᠢ 55 ᠳ᠋ᠦ᠋ᠩᠰᠢᠭᠤᠷ ᠳ᠋ᠤᠯᠯᠠᠷ ᠲᠤ ᠬᠦᠷᠦᠨ᠎ᠡ ᠬᠡᠵᠡᠢ᠃

    ᠡᠩᠬᠡᠪᠤᠯᠤᠳ᠂ ᠤᠳᠤᠬᠠᠨ ᠤ ᠲᠠᠭᠠᠷᠠᠤᠬᠠᠨ ᠡᠳ᠋ ᠤᠨ ᠵᠠᠰᠠᠭ ᠤᠨ ᠪᠠᠶᠢᠳᠠᠯ ᠢ ᠰᠡᠷᠬᠦᠬᠡᠬᠦ ᠶᠢᠨ ᠲᠦᠯᠦᠬᠡ᠂ ᠮᠤᠩᠭ᠋ᠤᠯ ᠤᠯᠤᠰ ᠤᠨ ᠵᠠᠰᠠᠭ ᠤᠨ ᠭᠠᠵᠠᠷ ᠤᠨ ᠰᠠᠯᠠᠭ᠎ᠠ ᠮᠦᠴᠢᠷ ᠵᠠᠪᠠᠯ ᠠᠵᠢᠯ ᠤᠨ ᠦᠷ᠎ᠡ ᠪᠦᠲᠦᠮᠵᠢ ᠪᠠᠨ ᠲᠡᠭᠡᠭ᠍ᠰᠢᠯᠡᠬᠦᠯᠵᠤ᠂ ᠤᠯᠠᠨ ᠤᠯᠤᠰ ᠤᠨ ᠮᠦᠩᠬᠦᠨ ᠤ ᠹᠤᠨᠳ᠋ ᠤᠨ ᠵᠤᠬᠢᠶᠠᠨ ᠪᠠᠶᠢᠭᠤᠯᠤᠯᠳᠠ ᠡᠴᠡ ᠬᠠᠩᠭ᠋ᠠᠬᠤ ᠵᠢᠬᠡᠯᠡᠯᠬᠡ ᠶᠢᠨ ᠮᠦᠩᠬᠦ ᠶᠢ ᠱᠠᠭᠠᠷᠳᠠᠯᠭ᠎ᠠ ᠪᠤᠯᠤᠨ ᠲᠤᠭᠳᠠᠭᠠᠯ ᠶᠤᠰᠤᠭᠠᠷ ᠠᠰᠢᠭᠯᠠᠬᠤ ᠶᠢ ᠰᠠᠨᠠᠭᠤᠯᠪᠠ᠃

    ᠤᠯᠠᠨ ᠤᠯᠤᠰ ᠤᠨ ᠮᠦᠩᠬᠦᠨ ᠤ ᠹᠤᠨᠳ᠋ ᠤᠨ ᠵᠤᠬᠢᠶᠠᠨ ᠪᠠᠶᠢᠭᠤᠯᠤᠳᠠ ᠡᠴᠡ ᠬᠠᠩᠭ᠋ᠠᠭᠰᠠᠨ ᠲᠤᠭ᠎ᠠ ᠪᠠᠷᠢᠮᠲᠠ ᠶᠢ ᠦᠨᠳᠤᠰᠤᠯᠠᠪᠠᠯ᠂ ᠠᠭᠤᠷᠬᠠᠢ ᠶᠢᠨ ᠭᠠᠷᠤᠯᠲᠠ ᠨᠢ ᠮᠤᠩᠭ᠋ᠤᠯ ᠤᠯᠤᠰ ᠤᠨ ᠡᠭᠰᠫᠤᠷᠲ ᠤᠨ ᠶᠡᠷᠦᠩᠬᠡᠢ ᠬᠡᠮᠵᠢᠶᠠᠨ ᠤ 90% ᠶᠢ ᠡᠵᠡᠯᠡᠳᠡᠭ᠃ 2011 ᠤᠨ ᠡᠴᠡ ᠡᠬᠢᠯᠡᠨ᠂ ᠦᠯᠡᠮᠵᠢ ᠬᠡᠮᠵᠢᠶᠡᠨ ᠤ ᠲᠠᠸᠠᠷ ᠤᠨ ᠦᠨ᠎ᠡ ᠭᠡᠨᠡᠳᠲᠡ ᠪᠠᠭᠤᠷᠠᠵᠤ᠂ ᠮᠤᠩᠭ᠋ᠤᠯ ᠤᠯᠤᠰ ᠤᠨ ᠤᠯᠠᠨ ᠤᠯᠤᠰ ᠤᠨ ᠠᠷᠠᠯᠵᠢᠶᠠᠨ ᠤ ᠤᠷᠤᠯᠭ᠎ᠠ ᠵᠠᠷᠤᠯᠭ᠎ᠠ ᠪᠤᠯᠤᠨ ᠰᠠᠩᠬᠦᠦ ᠶᠢ ᠶᠡᠬᠡ ᠪᠡᠷ ᠨᠦᠯᠦᠭᠡᠯᠡᠵᠡᠢ᠃ ᠮᠣᠩᠭ᠋ᠤᠯ ᠤᠯᠤᠰ ᠴᠢᠯᠦᠭᠡᠲᠤ ᠬᠤᠷᠣ᠎ᠠ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠰᠠᠨᠠᠭᠠᠴᠢᠯᠠᠨ ᠡᠳ᠋ ᠤᠨ ᠵᠠᠰᠠᠭ ᠤᠨ ᠢᠶᠡᠨ ᠭᠠᠳᠠᠭᠠᠲᠤ ᠲᠠᠷᠤᠯᠳᠠ ᠶᠢ ᠬᠡᠰᠡᠭ ᠬᠤᠭᠤᠴᠠᠭ᠎ᠠ ᠬᠦᠩᠭᠡᠷᠡᠭᠦᠯᠤᠭ᠍ᠰᠠᠨ ᠪᠤᠯᠪᠠᠴᠤ ᠨᠠᠶᠢᠲᠠ ᠶᠢᠨ ᠦᠷᠢ ᠨᠢ ᠤᠯᠠᠮ ᠢᠶᠡᠷ ᠨᠡᠮᠡᠭᠳᠡᠵᠤ᠂ ᠤᠯᠠᠨ ᠤᠯᠤᠰ ᠤᠨ ᠠᠷᠠᠯᠵᠢᠶᠠᠨ ᠤ ᠤᠷᠤᠯᠭ᠎ᠠ ᠵᠠᠷᠤᠯᠭ᠎ᠠ ᠨᠢ ᠪᠠᠭᠤᠷᠠᠭᠰᠠᠨ ᠪᠦᠬᠡᠳ ᠪᠠᠩᠬᠢ ᠶᠢᠨ ᠬᠦᠷᠦᠩᠬᠡ ᠶᠢᠨ ᠴᠢᠨᠰᠠᠭ᠎ᠠ ᠨᠢ ᠳᠤᠷᠤᠭᠰᠢᠯᠠᠭᠰᠠᠨ ᠪᠠᠶᠢᠨ᠎ᠠ᠃ 2016 ᠤᠨ ᠤ ᠰᠡᠬᠦᠯᠴᠢ ᠪᠤᠯᠲᠠᠯ᠎ᠠ᠂ ᠶᠡᠬᠡ ᠬᠡᠮᠵᠢᠶᠡᠨ ᠤ ᠡᠳ᠋ ᠤᠨ ᠵᠠᠰᠠᠭ ᠤᠨ ᠠᠯᠳᠠᠬᠳᠠᠯ ᠪᠠ ᠵᠤᠭᠤᠰᠤᠨ ᠤ ᠦᠷᠳᠡᠭ ᠪᠠᠭᠤᠷᠠᠭᠰᠠᠨ ᠨᠦᠯᠦᠬᠡᠯᠡᠯ ᠢᠶᠡᠷ ᠮᠤᠩᠭ᠋ᠤᠯ ᠤᠯᠤᠰ ᠤᠨ ᠵᠠᠰᠠᠭ ᠤᠨ ᠭᠠᠵᠠᠷ ᠤᠨ ᠶᠡᠷᠦᠩᠬᠡᠢ ᠦᠷᠢ ᠨᠢ GDP ᠶ᠋ᠢᠨ ᠢᠶᠡᠨ 90% ᠤᠷᠴᠢᠮ ᠢ ᠡᠵᠡᠯᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121039381