蒙古文网站Logo
ᠰᠢᠨᠬᠤᠸᠠ ᠮᠤᠩᠭ᠋ᠤᠯ ᠨᠧᠲ

ᠤᠷᠤᠰ ᠪᠤᠯᠤᠨ ᠤᠮᠠᠷᠠᠲᠤ ᠠᠲ᠋ᠠᠯᠠᠨᠲ ᠲᠠᠯᠠᠢ ᠶᠢᠨ ᠨᠡᠶᠢᠲᠡ ᠶᠢᠨ ᠭᠡᠷ᠎ᠡ ᠶᠢᠨ ᠵᠤᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠨᠤᠴᠢᠲᠠᠢ ᠬᠢᠮᠤᠷᠠᠯ ᠳ᠋ᠤ ᠲᠤᠯᠭᠠᠷᠠᠵᠤ ᠪᠠᠶᠢᠨ᠎ᠠ ᠭᠡᠵᠦ ᠤᠷᠤᠰ ᠤᠨ ᠭᠠᠲᠠᠭᠠᠲᠤ ᠶᠠᠪᠤᠲᠠᠯ ᠤᠨ ᠶᠠᠮᠤᠨ ᠤ ᠬᠢᠨ ᠤᠨᠴᠠᠯᠠᠪᠠ

2017-05-27 10:14

    ᠰᠢᠨᠬᠤᠸᠠ ᠬᠤᠷᠢᠶ᠎ᠠ   ᠮᠤᠰᠺᠸᠠ ᠶᠢᠨ 5 ᠰᠠᠷ᠎ᠠ ᠶᠢᠨ 26 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠠᠨ ᠰᠢᠶᠤᠤ ᠮᠸᠩ ) ᠤᠷᠤᠰ ᠤᠨ ᠭᠠᠲᠠᠭᠠᠲᠤ ᠶᠠᠪᠤᠲᠠᠯ ᠤᠨ ᠶᠠᠮᠤᠨ ᠤ ᠬᠢᠨ 26 ᠤ ᠡᠲᠦᠷ ᠢᠯᠡᠷᠬᠡᠶᠢᠯᠡᠬᠦ ᠳ᠋ᠡᠭᠡᠨ᠂ ᠤᠷᠤᠰ ᠪᠤᠯᠤᠨ ᠤᠮᠠᠷᠠᠲᠤ ᠠᠲ᠋ᠠᠯᠠᠨᠲ ᠲᠠᠯᠠᠢ ᠶᠢᠨ ᠨᠡᠶᠢᠲᠡ ᠶᠢᠨ ᠭᠡᠷ᠎ᠡ ᠶᠢᠨ ᠵᠤᠬᠢᠶᠠᠨ ᠪᠠᠶᠢᠭᠤᠯᠤᠯᠲᠠ ᠶᠢᠨ ᠤᠲᠤᠬᠠᠨ ᠤ ᠬᠠᠷᠢᠴᠠᠭ᠎ᠠ ᠬᠦᠢᠲᠠᠨ ᠲᠠᠶᠢᠨ ᠤ ᠲᠠᠷᠠᠭᠠᠬᠢ ᠬᠠᠮᠤᠭ ᠤᠨ ᠨᠤᠴᠢᠲᠠᠢ ᠬᠢᠮᠤᠷᠠᠯ ᠳ᠋ᠤ ᠲᠤᠯᠭᠠᠷᠠᠵᠤ ᠪᠠᠶᠢᠨ᠎ᠠ᠂ ᠤᠷᠤᠰ ᠤᠨ ᠲᠠᠯ᠎ᠠ ᠶᠢᠨ ᠬᠢᠨ ᠦᠵᠡᠬᠦ ᠪᠡᠷ᠂ ᠤᠮᠠᠷᠠᠲᠤ ᠠᠲ᠋ᠠᠯᠠᠨᠲ ᠲᠠᠯᠠᠢ ᠶᠢᠨ ᠨᠡᠶᠢᠲᠡ ᠶᠢᠨ ᠭᠡᠷ᠎ᠡ ᠶᠢᠨ ᠵᠤᠬᠢᠶᠠᠨ ᠪᠠᠶᠢᠭᠤᠯᠤᠯᠲᠠ ᠤᠷᠤᠰ ᠲᠠᠢ ᠡᠰᠡᠷᠬᠦᠴᠡᠯᠲᠦᠬᠦ ᠬᠠᠷᠢᠴᠠᠭ᠎ᠠ ᠪᠠᠨ ᠵᠤᠭᠰᠤᠬᠤ ᠳ᠋ᠤ ᠬᠠᠷᠠᠬᠠᠨ ᠤᠷᠤᠶᠢᠲᠠᠭ᠎ᠠ ᠦᠭᠡᠢ ᠪᠠᠶᠢᠭᠰᠠᠭᠠᠷ᠃

    ᠤᠮᠠᠷᠠᠲᠤ ᠠᠲ᠋ᠠᠯᠠᠨᠲ ᠲᠠᠯᠠᠢ ᠶᠢᠨ ᠨᠡᠶᠢᠲᠡ ᠶᠢᠨ ᠭᠡᠷ᠎ᠡ ᠶᠢᠨ ᠵᠤᠬᠢᠶᠠᠨ ᠪᠠᠶᠢᠭᠤᠯᠤᠯᠲᠠ ᠶᠢᠨ ᠬᠢᠨ ᠤᠷᠤᠰ ᠤᠨ ᠬᠢᠯᠢ ᠲᠠᠭᠠᠤ ᠤᠷᠤᠨ ᠳ᠋ᠤ ᠴᠡᠷᠢᠭ ᠤᠨ ᠶᠠᠪᠤᠲᠠᠯ ᠤᠨ ᠠᠵᠢᠯᠯᠠᠭ᠎ᠠ ᠪᠠᠨ ᠴᠢᠩᠭ᠋ᠠᠳᠬᠠᠵᠤ ᠪᠠᠶᠢᠬᠤ ᠨᠢ ᠬᠤᠶᠠᠷ ᠲᠠᠯ᠎ᠠ ᠶᠢᠨ ᠲᠤᠭᠲᠠᠭᠰᠠᠨ ᠬᠠᠮᠲᠤ ᠶᠢᠨ ᠵᠠᠷᠴᠢᠮ ᠢ ᠡᠪᠲᠡᠵᠦ ᠪᠠᠶᠢᠬᠤ ᠪᠡᠷ ᠪᠠᠷᠠᠬᠤ ᠦᠭᠡᠢ ᠭᠡᠰᠢᠬᠦᠨ ᠤᠯᠤᠰ ᠤᠨ ᠠᠰᠢᠭ ᠲᠤᠰᠠ ᠶᠢ ᠬᠤᠬᠢᠷᠠᠭᠤᠯᠵᠤ ᠪᠠᠶᠢᠭ᠎ᠠ ᠶᠤᠮ ᠭᠡᠵᠦ ᠤᠷᠤᠰ ᠤᠨ ᠭᠠᠲᠠᠭᠠᠲᠤ ᠶᠠᠪᠤᠲᠠᠯ ᠤᠨ ᠶᠠᠮᠤᠨ ᠤ ᠬᠢᠨ ᠤᠨᠴᠠᠯᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120791121047644