蒙古文网站Logo
ᠰᠢᠨᠬᠤᠸᠠ ᠮᠤᠩᠭ᠋ᠤᠯ ᠨᠧᠲ

ᠲᠤᠮᠲᠠᠲᠤ ᠮᠤᠩᠭ᠋ᠤᠯ ᠨᠤᠮ ᠬᠡᠪᠯᠡᠯ ᠤᠨ ᠬᠠᠮᠲᠤ ᠶᠢᠨ ᠠᠵᠢᠯᠯᠠᠭ᠎ᠠ ᠪᠠᠨ ᠴᠢᠩᠭ᠋ᠠᠳᠬᠠᠵᠤ ᠪᠠᠶᠢᠨ᠎ᠠ

2017-05-27 10:15

    ᠰᠢᠨᠬᠤᠸᠠ ᠬᠤᠷᠢᠶ᠎ᠠ   ᠤᠯᠠᠭᠠᠨᠪᠠᠭᠠᠲᠤᠷ ᠤᠨ 5 ᠰᠠᠷ᠎ᠠ ᠶᠢᠨ 26 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠠᠰᠬᠠᠨ ) 26 ᠤ ᠡᠲᠦᠷ᠂ ᠲᠤᠮᠲᠠᠲᠤ ᠮᠤᠩᠭ᠋ᠤᠯ ᠤᠨ ᠬᠠᠮᠢᠶᠠᠲᠠᠢ ᠰᠠᠯᠠᠭ᠎ᠠ ᠮᠦᠴᠢᠷ ᠤᠨ ᠬᠢᠨ ᠤᠯᠠᠭᠠᠨᠪᠠᠭᠠᠲᠤᠷ ᠲᠤ ᠨᠤᠮ ᠬᠡᠪᠯᠡᠯ ᠤᠨ ᠰᠤᠯᠢᠯᠴᠠᠭ᠎ᠠ ᠬᠠᠮᠲᠤ ᠶᠢᠨ ᠠᠵᠢᠯᠯᠠᠭᠠᠨ ᠤ 《 ᠨᠠᠬᠢᠶ᠎ᠠ》ᠬᠦᠲᠦᠯᠪᠦᠷᠢ ᠶᠢᠨ ᠰᠠᠨᠠᠮᠵᠢ ᠪᠢᠴᠢᠭ᠌ ᠲᠤ ᠭᠠᠷ ᠤᠨ ᠦᠰᠦᠭ ᠵᠢᠷᠤᠪᠠ᠃ ᠮᠦᠨ ᠲᠤᠮᠲᠠᠲᠤ ᠤᠯᠤᠰ ᠤᠨ ᠬᠡᠪᠯᠡᠯ ᠤᠨ ᠪᠠᠶᠢᠭᠤᠯᠤᠯᠭ᠎ᠠ ᠶᠢᠨ ᠬᠢᠨ ᠮᠤᠩᠭ᠋ᠤᠯ ᠤᠯᠤᠰ ᠤᠨ ᠬᠡᠦᠬᠡᠳ ᠤᠨ ᠨᠤᠮ ᠤᠨ ᠰᠠᠩ ᠤᠳ ᠪᠠ ᠰᠤᠷᠭᠠᠭᠤᠯᠢ ᠳ᠋ᠤ ᠨᠤᠮ ᠪᠡᠯᠡᠭᠯᠡᠪᠡ᠃

    ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠪᠠᠭᠠᠴᠤᠳ ᠬᠡᠦᠬᠡᠳ ᠤᠨ ᠬᠡᠪᠯᠡᠯ ᠤᠨ ᠬᠤᠷᠢᠶᠠᠨ ᠤ ᠲᠠᠷᠤᠭ᠎ᠠ ᠬᠠᠨ ᠼᠠᠢ ᠶᠢᠨ ᠲᠠᠨᠢᠯᠴᠠᠭᠤᠯᠤᠭᠰᠠᠨ ᠢᠶᠡᠷ᠂ ᠮᠤᠩᠭ᠋ᠤᠯ ᠤᠯᠤᠰ ᠤᠨ ᠬᠡᠦᠬᠡᠳ ᠲᠤ ᠪᠡᠯᠡᠭᠯᠡᠨ ᠬᠦᠷᠭᠡᠭ᠍ᠰᠡᠨ ᠪᠦᠬᠦᠶᠢᠯᠡ ᠨᠤᠮ ᠪᠤᠯ ᠦᠪᠦᠷ ᠮᠤᠩᠭ᠋ᠤᠯ ᠤᠨ ᠪᠠᠭᠠᠴᠤᠳ ᠬᠡᠦᠬᠡᠳ ᠤᠨ ᠬᠡᠪᠯᠡᠯ ᠤᠨ ᠬᠤᠷᠢᠶ᠎ᠠ ᠶᠢᠨ ᠨᠠᠶᠢᠷᠠᠭᠤᠯᠤᠭᠴᠢᠳ ᠤᠨ ᠮᠤᠩᠭ᠋ᠤᠯ ᠬᠢᠲᠠᠳ ᠢᠶᠡᠷ ᠨᠠᠶᠢᠷᠠᠭᠤᠯᠵᠤ ᠬᠡᠪᠯᠡᠬᠦᠯᠦᠭᠰᠡᠨ ᠨᠤᠮ ᠪᠢᠴᠢᠭ᠌ ᠢ ᠮᠤᠩᠭ᠋ᠤᠯ ᠤᠯᠤᠰ ᠤᠨ ᠲᠤᠰᠬᠠᠢ ᠮᠡᠷᠭᠡᠵᠢᠯᠲᠡᠳ ᠡᠴᠡ ᠬᠢᠨᠠᠨ ᠤᠩᠰᠢᠵᠤ ᠵᠠᠰᠠᠯᠲᠠ ᠬᠢᠭ᠍ᠰᠡᠨ ᠪᠠᠶᠢᠲᠠᠭ᠃ ᠡᠲᠡᠭᠡᠷ ᠨᠤᠮ ᠤᠳ ᠲᠤ 《 ᠲᠤᠮᠲᠠᠲᠤ ᠤᠯᠤᠰ ᠤᠨ ᠰᠤᠩᠭ᠋ᠤᠲᠠᠭ ᠦᠯᠢᠭᠡᠷ》 ᠤᠨ ᠴᠤᠪᠤᠷᠠᠯ᠂ 《ᠲᠡᠯᠡᠬᠡᠢ ᠶᠢᠨ ᠰᠤᠩᠭ᠋ᠤᠲᠠᠭ ᠦᠯᠢᠭᠡᠷ》 ᠤᠨ ᠴᠤᠪᠤᠷᠠᠯ ᠵᠡᠷᠭᠡ ᠪᠤᠢ᠂ ᠨᠡᠶᠢᠲᠡ 1400 ᠢᠵᠢ᠂ 5.6 ᠲᠦᠮᠡᠨ ᠰᠢᠷᠬᠡᠭ᠌ ᠭᠡᠯ᠎ᠡ᠃

    ᠰᠠᠨᠠᠮᠵᠢ ᠪᠢᠴᠢᠭ᠌ ᠲᠤ ᠭᠠᠷ ᠤᠨ ᠦᠰᠦᠭ ᠵᠢᠷᠤᠬᠤ ᠶᠤᠰᠤᠯᠠᠯ ᠤᠨ ᠦᠶ᠎ᠠ ᠪᠡᠷ ᠲᠤᠮᠲᠠᠲᠤ ᠤᠯᠤᠰ ᠡᠴᠡ ᠮᠤᠩᠭ᠋ᠤᠯ ᠤᠯᠤᠰ ᠲᠤ ᠰᠠᠭᠤᠭ᠎ᠠ ᠡᠯᠴᠢᠨ ᠰᠢᠩ ᠬᠠᠢ ᠮᠢᠩ ᠢᠯᠡᠷᠬᠡᠶᠢᠯᠡᠬᠦ ᠳ᠋ᠡᠭᠡᠨ᠂ ᠲᠤᠮᠲᠠᠲᠤ ᠮᠤᠩᠭ᠋ᠤᠯ ᠤᠨ ᠨᠤᠮ ᠬᠡᠪᠯᠡᠯ ᠤᠨ ᠰᠤᠯᠢᠯᠴᠠᠭ᠎ᠠ ᠬᠠᠮᠲᠤ ᠶᠢᠨ ᠠᠵᠢᠯᠯᠠᠭᠠᠨ ᠤ 《 ᠨᠠᠬᠢᠶ᠎ᠠ》ᠬᠦᠲᠦᠯᠪᠦᠷᠢ ᠠᠵᠢᠯᠯᠠᠭ᠎ᠠ ᠡᠬᠢᠯᠡᠨ ᠬᠤᠶᠠᠷ ᠵᠢᠯ ᠤᠨ ᠨᠢᠭᠤᠷ ᠦᠵᠡᠵᠦ ᠪᠤᠢ᠂ ᠡᠨᠡ ᠨᠢ 《 ᠨᠢᠭᠡ ᠪᠦᠰᠡ ᠨᠢᠭᠡ ᠵᠠᠮ》 ᠤᠨ ᠤᠷᠢᠶᠠᠯᠠᠭ᠎ᠠ ᠶᠢᠨ ᠲᠠᠭᠠᠤ ᠬᠤᠶᠠᠷ ᠤᠯᠤᠰ ᠤᠨ ᠨᠤᠮ ᠬᠡᠪᠯᠡᠯ ᠤᠨ ᠰᠠᠯᠠᠭ᠎ᠠ ᠮᠦᠴᠢᠷ ᠤᠨ ᠬᠢᠨ ᠤ ᠬᠠᠮᠲᠤ ᠶᠢᠨ ᠠᠵᠢᠯᠯᠠᠭᠠᠨ ᠤ ᠪᠤᠲᠠᠲᠤ ᠢᠯᠡᠷᠡᠯ ᠂ ᠮᠦᠨ ᠴᠤ ᠬᠤᠶᠠᠷ ᠤᠯᠤᠰ ᠤᠨ ᠬᠡᠦᠬᠡᠳ ᠪᠠᠭᠠᠴᠤᠳ ᠤᠨ ᠨᠦᠬᠦᠷᠯᠡᠯ ᠤᠨ ᠬᠦᠦᠷ ᠪᠤᠯᠤᠭᠰᠠᠨ ᠭᠡᠵᠡᠢ᠃

    ᠮᠤᠩᠭ᠋ᠤᠯ ᠤᠯᠤᠰ ᠤᠨ ᠪᠤᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠤᠷᠲ ᠤᠨ ᠶᠠᠮᠤᠨ ᠤ ᠲᠠᠷᠤᠭ᠎ᠠ ᠪᠠᠲᠤᠰᠠᠭᠤᠷᠢ᠂ ᠨᠤᠮ ᠬᠡᠪᠯᠡᠯ ᠤᠨ ᠰᠤᠯᠢᠯᠴᠠᠭ᠎ᠠ ᠬᠠᠮᠲᠤ ᠶᠢᠨ ᠠᠵᠢᠯᠯᠠᠭᠠᠨ ᠤ 《 ᠨᠠᠬᠢᠶ᠎ᠠ》ᠬᠦᠲᠦᠯᠪᠦᠷᠢ ᠨᠢ ᠬᠡᠦᠬᠡᠳ ᠤᠨ ᠢᠷᠡᠭᠡᠲᠦᠢ᠂ ᠡᠨᠡ ᠨᠢ ᠮᠦᠨ ᠴᠤ ᠮᠤᠩᠭ᠋ᠤᠯ ᠤᠯᠤᠰ ᠤᠨ ᠬᠡᠦᠬᠡᠳ ᠲᠤ ᠮᠤᠩᠭ᠋ᠤᠯ ᠬᠢᠲᠠᠳ ᠬᠠᠷᠢᠴᠠᠭᠤᠯᠤᠭᠰᠠᠨ ᠨᠤᠮ ᠪᠢᠴᠢᠭ᠌ ᠢ ᠬᠠᠩᠭ᠋ᠠᠭᠰᠠᠨ ᠢᠶᠡᠷ ᠪᠠᠷᠠᠬᠤ ᠦᠭᠡᠢ ᠬᠤᠶᠠᠷ ᠤᠯᠤᠰ ᠤᠨ ᠴᠠᠭᠠᠰᠢᠲᠠ ᠶᠢᠨ ᠬᠦ᠍ᠭ᠍ᠵᠢᠯᠲᠠ ᠳ᠋ᠤ ᠨᠦᠬᠡᠴᠡ ᠬᠦᠴᠦᠨ ᠪᠤᠯᠪᠠ᠃ ᠮᠤᠩᠭ᠋ᠤᠯ ᠤᠯᠤᠰ ᠦᠷᠬᠦᠯᠵᠢᠯᠡᠨ ᠨᠤᠮ ᠬᠡᠪᠯᠡᠯ ᠤᠨ ᠬᠦᠷᠢᠶ᠎ᠠ ᠴᠠᠷ᠎ᠠ ᠳ᠋ᠤ ᠲᠤᠮᠲᠠᠲᠤ ᠤᠯᠤᠰ ᠲᠠᠢ ᠰᠤᠯᠢᠯᠴᠠᠭ᠎ᠠ ᠬᠠᠮᠲᠤᠷᠠᠯᠴᠠᠭ᠎ᠠ ᠪᠠᠨ ᠴᠢᠩᠭ᠋ᠠᠳᠬᠠᠬᠤ ᠪᠤᠯᠤᠨ᠎ᠠ ᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120791121047662