蒙古文网站Logo
ᠰᠢᠨᠬᠤᠸᠠ ᠮᠤᠩᠭ᠋ᠤᠯ ᠨᠧᠲ

ᠶᠠᠫᠤᠨ 《ᠴᠡᠩᠭᠡᠬᠦᠯᠬᠦ ᠪᠦᠰᠡᠬᠦᠢ》 ᠶᠢᠨ ᠠᠰᠠᠭᠤᠲᠠᠯ  ᠢ ᠦᠭᠡᠶᠢᠰᠭᠡᠭ᠍ᠰᠡᠨ ᠳ᠋ᠤ ᠰᠤᠯᠤᠩᠭᠤᠰ ᠪᠤᠷᠤᠭᠤᠰᠢᠶᠠᠪᠠ

2017-05-28 11:07

    ᠰᠢᠨᠬᠤᠧᠠ ᠬᠤᠷᠢᠶ᠎ᠠ   ᠫᠢᠦᠩᠶᠠᠩ ᠤᠨ 5 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠴᠧᠩ ᠳ᠋ᠠ ᠢᠦᠢ᠂ ᠡᠦ ᠴᠢᠶᠠᠩ ) 27 ᠤ ᠡᠲᠦᠷ᠂ ᠶᠠᠫᠤᠨ ᠲᠡᠯᠡᠬᠡᠢ ᠶᠢᠨ ᠬᠤᠶᠠᠲᠤᠭᠠᠷ ᠲᠠᠶᠢᠨ ᠤ ᠬᠤᠭᠤᠴᠠᠭᠠᠨ ᠳ᠋ᠤ ᠰᠤᠯᠤᠩᠭᠤᠰ ᠤᠨ ᠡᠮᠡᠭᠲᠡᠶᠢᠴᠦᠳ ᠢ 《ᠴᠡᠩᠭᠡᠬᠦᠯᠬᠦ ᠪᠦᠰᠡᠬᠦᠢ》 ᠪᠤᠯᠭᠠᠭᠰᠠᠨ ᠠᠰᠠᠭᠤᠲᠠᠯ ᠢᠶᠡᠨ ᠦᠭᠡᠶᠢᠰᠭᠡᠭᠰᠡᠨ ᠳ᠋ᠤ ᠰᠤᠯᠤᠩᠭᠤᠰ ᠪᠤᠷᠤᠭᠤᠰᠢᠶᠠᠪᠠ᠃

    ᠰᠤᠯᠤᠩᠭᠤᠰ ᠤᠨ ᠲᠠᠯ᠎ᠠ ᠶᠢᠨ ᠬᠢᠨ ᠤ ᠦᠵᠡᠬᠦ ᠪᠡᠷ᠂ ᠰᠡᠬᠦᠯ ᠤᠨ ᠦᠶ᠎ᠠ ᠳ᠋ᠤ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠡᠴᠡ ᠺᠤᠷᠢᠶᠠ ᠪᠠ ᠶᠠᠫᠤᠨ ᠢ 《ᠴᠡᠩᠭᠡᠬᠦᠯᠬᠦ ᠪᠦᠰᠡᠬᠦᠢ》 ᠶᠢᠨ ᠠᠰᠠᠭᠤᠲᠠᠯ ᠤᠨ ᠲᠤᠬᠠᠢ ᠬᠡᠯᠡᠯᠴᠡᠭᠡᠷ ᠢ ᠲᠠᠬᠢᠨ ᠬᠡᠯᠡᠯᠴᠡᠨ ᠲᠤᠬᠢᠷᠠᠬᠤ ᠬᠡᠷᠡᠭᠲᠡᠢ ᠭᠡᠵᠡᠢ᠂ ᠲᠤᠰ ᠬᠡᠯᠡᠯᠴᠡᠭᠡᠷ ᠤᠨ ᠨᠡᠷ᠎ᠡ ᠬᠦᠨᠳᠦ ᠶᠢ ᠰᠡᠷᠬᠦᠭᠡᠬᠦ ᠲᠠᠯ᠎ᠠ ᠶᠢᠨ ᠠᠭᠤᠯᠭ᠎ᠠ ᠭᠦᠢᠴᠡᠳ ᠦᠭᠡᠢ᠃ ᠡᠭᠦᠨ ᠳ᠋ᠤ ᠶᠠᠫᠤᠨ ᠡᠰᠡᠷᠬᠦᠴᠡᠯ ᠲᠠᠯᠪᠢᠵᠤ᠂ ᠬᠠᠮᠤᠭ ᠤᠨ ᠡᠴᠦᠰ ᠤᠨ ᠪᠦᠭᠡᠳ ᠲᠠᠬᠢᠨ ᠦᠭᠡᠷᠡᠴᠢᠯᠡᠵᠦ ᠪᠤᠯᠤᠰᠢ ᠦᠭᠡᠢ ᠭᠡᠵᠡᠢ᠃ ᠰᠤᠯᠤᠩᠭᠤᠰ ᠤᠨ ᠲᠠᠯ᠎ᠠ ᠶᠢᠨ ᠬᠢᠨ ᠤ ᠦᠵᠡᠬᠦ ᠪᠡᠷ᠂ ᠶᠠᠫᠤᠨ ᠦᠪᠡᠷ ᠤᠨ ᠲᠡᠦᠬᠡ ᠶᠢᠨ ᠤᠰᠤᠯ ᠠᠯᠲᠠᠭ᠎ᠠ ᠪᠠᠨ ᠦᠮᠦᠭᠯᠡᠵᠦ᠂ ᠬᠤᠬᠢᠷᠠᠯ ᠠᠮᠰᠠᠭᠴᠢᠳ ᠢ ᠲᠤᠷᠤᠮᠵᠢᠯᠠᠵᠤ ᠪᠠᠶᠢᠬᠤ ᠪᠡᠷ ᠪᠠᠷᠠᠬᠤ ᠦᠭᠡᠢ ᠲᠡᠯᠡᠬᠡᠢ ᠨᠡᠶᠢᠲᠡ ᠲᠠᠢ ᠮᠦᠴᠡᠷᠭᠡᠵᠦ ᠪᠠᠶᠢᠨ᠎ᠠ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120791121052701