蒙古文网站Logo
ᠰᠢᠨᠬᠤᠸᠠ ᠮᠤᠩᠭ᠋ᠤᠯ ᠨᠧᠲ

ᠠᠹᠭᠠᠨᠢᠰᠲ᠋ᠠᠨ ᠤ ᠵᠡᠬᠦᠨ ᠪᠦᠰᠡ ᠳ᠋ᠤ ᠮᠠᠰᠢᠨ ᠲᠡᠷᠭᠡ ᠪᠡᠷ ᠲᠡᠯᠪᠡᠴᠢᠨ ᠲᠠᠭᠠᠷᠢᠭᠰᠠᠨ ᠬᠡᠷᠡᠭ ᠭᠠᠷᠪᠠ

2017-05-28 11:10

    ᠰᠢᠨᠬᠤᠧᠠ ᠬᠤᠷᠢᠶ᠎ᠠ   ᠺᠠᠪᠦ᠋ᠯ ᠤᠨ 5 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠦ ᠱᠦ ᠴᠢᠶᠦ᠋ᠨ᠂ ᠳ᠋ᠠᠢ ᠡᠾᠧ ) 27 ᠤ ᠡᠲᠦᠷ᠂ ᠠᠹᠭᠠᠨᠢᠰᠲ᠋ᠠᠨ ᠤ ᠲᠤᠲᠤᠭᠠᠲᠤ ᠶᠠᠪᠤᠲᠠᠯ ᠤᠨ ᠶᠠᠮᠤᠨ ᠤ ᠦᠬᠦᠯᠡᠭᠴᠢ ᠬᠡᠯᠡᠬᠦ ᠳ᠋ᠡᠭᠡᠨ᠂ ᠲᠤᠬᠠᠢ ᠶᠢᠨ ᠡᠲᠦᠷ ᠠᠹᠭᠠᠨᠢᠰᠲ᠋ᠠᠨ ᠤ ᠵᠡᠬᠦᠨ ᠪᠦᠰᠡ ᠳ᠋ᠤ ᠮᠠᠰᠢᠨ ᠲᠡᠷᠭᠡ ᠪᠡᠷ ᠲᠡᠯᠪᠡᠴᠢᠨ ᠲᠠᠭᠠᠷᠢᠭᠰᠠᠨ ᠬᠡᠷᠡᠭ ᠭᠠᠷᠴᠤ᠂ ᠨᠠᠭᠠᠲᠤ ᠵᠠᠬ᠎ᠠ ᠳ᠋ᠠᠭᠠᠨ 13 ᠬᠦᠮᠦᠨ ᠠᠮᠢ ᠨᠠᠰᠤ ᠪᠠᠨ ᠠᠯᠲᠠᠪᠠ ᠭᠡᠵᠡᠢ᠃ ᠮᠦᠨ ᠲᠤᠰ ᠬᠡᠷᠡᠭ ᠡᠴᠡ ᠪᠤᠯᠵᠤ ᠬᠤᠶᠠᠷ ᠬᠡᠦᠬᠡᠳ ᠢ ᠪᠠᠭᠲᠠᠭᠠᠭᠰᠠᠨ 8 ᠬᠦᠮᠦᠨ ᠰᠢᠷᠬᠠᠲᠤᠵᠤ᠂ 9 ᠲᠡᠷᠭᠡ ᠰᠦᠢᠳᠪᠡ ᠭᠡᠵᠡᠢ᠃

    ᠤᠲᠤᠬᠠᠨ ᠪᠤᠯᠲᠠᠯ᠎ᠠ ᠶᠠᠮᠠᠷ ᠴᠤ ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠲᠤᠰ ᠬᠡᠷᠡᠭ ᠤᠨ ᠲᠤᠬᠠᠢ ᠬᠠᠷᠢᠭᠤᠴᠠᠯᠭ᠎ᠠ ᠡᠭᠦᠷᠭᠡᠯᠡᠨ᠎ᠡ ᠭᠡᠵᠦ ᠲᠤᠲᠤᠷᠬᠠᠶᠢᠯᠭ᠎ᠠ ᠦᠭᠡᠢ᠃ ᠰᠡᠬᠦᠯ ᠤᠨ ᠦᠶ᠎ᠠ ᠳ᠋ᠤ᠂ ᠠᠹᠭᠠᠨᠢᠰᠲ᠋ᠠᠨ ᠤᠯᠤᠰ ᠲᠠᠶᠠᠭᠠᠷ ᠤᠨ ᠬᠡᠪᠴᠢᠶᠠᠨ ᠳ᠋ᠤ ᠵᠡᠪᠰᠡᠭᠲᠦ ᠪᠦᠯᠦᠭᠲᠡᠨ ᠢ ᠱᠦᠭᠦᠷᠲᠡᠨ ᠤᠰᠠᠳᠬᠠᠬᠤ ᠠᠵᠢᠯᠯᠠᠭ᠎ᠠ ᠶᠠᠪᠤᠭᠲᠠᠭᠤᠯᠵᠤ ᠪᠠᠶᠢᠭ᠎ᠠ ᠪᠤᠯᠪᠠᠴᠦ᠂ ᠲᠤᠰ ᠤᠯᠤᠰ ᠤᠨ ᠠᠮᠤᠷ ᠲᠦᠪᠰᠢᠨ ᠤ ᠪᠠᠶᠢᠲᠠᠯ ᠮᠦᠨ ᠯᠡ ᠬᠦᠨᠳᠦ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120791121052714