蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠤᠯᠤᠰ ᠶᠡᠷᠦᠩᠬᠡᠶᠢᠯᠡᠭᠴᠢ ᠳ᠋ᠤ ᠨᠡᠷ᠎ᠡ ᠲᠡᠪᠰᠢᠭᠴᠢ ᠶᠢ ᠠᠯᠪᠠᠨ ᠶᠤᠰᠤᠭᠠᠷ ᠵᠠᠷᠯᠠᠪᠠ

2017-05-31 14:55

    ᠰᠢᠨᠬᠤᠸᠠ ᠬᠤᠷᠢᠶ᠎ᠠ  ᠤᠯᠠᠭᠠᠨᠪᠠᠭᠠᠲᠤᠷ ᠤᠨ 5 ᠰᠠᠷ᠎ᠠ ᠶᠢᠨ27 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠠᠰᠬᠠᠨ ) 27 ᠤ ᠡᠲᠦᠷ᠂ ᠮᠤᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠶᠡᠷᠦᠩᠬᠡᠢ ᠬᠤᠷᠢᠶᠠᠨ ᠡᠴᠡ 2017 ᠤᠨ ᠤ ᠶᠡᠷᠦᠩᠬᠡᠢᠯᠡᠭᠴᠢ ᠶᠢᠨ ᠰᠤᠩᠭ᠋ᠤᠭᠤᠯᠢ ᠳ᠋ᠤ ᠤᠷᠤᠯᠴᠠᠬᠤ ᠭᠤᠷᠪᠠᠨ ᠨᠠᠷ᠎ᠠ ᠲᠡᠪᠰᠢᠭᠴᠢ ᠶᠢ ᠠᠯᠪᠠᠨ ᠶᠤᠰᠤᠭᠠᠷ ᠵᠠᠷᠯᠠᠬᠤ ᠶᠢᠨ ᠬᠠᠮᠲᠤ ᠦᠨᠡᠮᠯᠡᠬᠦ  ᠶᠢ ᠨᠢ ᠭᠠᠷᠳᠠᠭᠤᠯᠤᠯ᠎ᠠ᠃ ᠭᠤᠷᠪᠠᠨ ᠨᠡᠷ᠎ᠠ ᠲᠡᠪᠰᠢᠭᠴᠢ ᠨᠢ ᠲᠤᠰ ᠪᠦᠷᠢ ᠮᠤᠩᠭ᠋ᠤᠯ ᠠᠷᠠᠳ ᠤᠨ ᠨᠠᠮ ᠤᠨ ᠤᠳᠤ ᠶᠢᠨ ᠲᠠᠷᠤᠭ᠎ᠠ᠂ ᠮᠤᠩᠭ᠋ᠤᠯ ᠤᠯᠤᠰ ᠤᠨ ᠤᠯᠤᠰ ᠤᠨ ᠶᠡᠬᠡ ᠬᠤᠷᠠᠯ ᠤᠨ ᠲᠠᠷᠤᠭ᠎ᠠ ᠮᠢᠶᠧᠭ᠋᠋ᠤᠮᠪᠤ ᠶᠢᠨ ᠡᠩᠬᠡᠪᠤᠯᠤᠳ᠂ ᠮᠤᠩᠭ᠋ᠤᠯ ᠤᠨ ᠠᠷᠠᠳ ᠤᠨ ᠬᠤᠪᠢᠰᠬᠠᠯᠲᠤ ᠨᠠᠮ ᠤᠨ ᠰ • ᠭᠠᠩᠪᠠᠭᠠᠲᠤᠷ ᠪᠠ ᠠᠷᠠᠳᠴᠢᠯᠠᠭᠰᠠᠨ ᠨᠠᠮ ᠤᠨ ᠤᠯᠤᠰ ᠤᠨ ᠶᠡᠬᠡ ᠬᠤᠷᠠᠯ ᠤᠨ ᠭᠡᠰᠢᠬᠦᠨ ᠠᠭᠰᠠᠨ ᠬ • ᠪᠠᠲᠤᠲᠤᠯᠭ᠎ᠠ ᠪᠤᠯᠤᠨ᠎ᠠ᠃

    ᠲᠤᠰ ᠡᠳᠦᠷ᠂ ᠳᠡᠳᠠ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠶᠡᠷᠦᠩᠬᠡᠢ ᠬᠤᠷᠢᠶᠠᠨ ᠤ ᠵᠠᠬᠢᠷᠭᠠᠨ ᠡᠴᠡ ᠶᠡᠷᠦᠩᠬᠡᠶᠢᠯᠡᠭᠴᠢ ᠶᠢᠨ ᠰᠤᠩᠭ᠋ᠤᠭᠤᠯᠢ ᠳᠤ ᠨᠡᠷ᠎ᠡ ᠲᠡᠪᠰᠢᠭᠴᠢ ᠶᠢᠨ ᠦᠨᠡᠮᠯᠡᠬᠦ ᠪᠠᠨ ᠭᠠᠷᠳᠠᠨ ᠠᠪᠤᠭᠰᠠᠨ ᠤ ᠲᠠᠷᠠᠭ᠎ᠠ ᠶᠠᠷᠢᠶ᠎ᠠ ᠲᠠᠯᠪᠢᠪᠠ᠃ ᠡᠩᠬᠡᠪᠤᠯᠤᠳ᠂ ᠤᠳᠤᠬᠠᠨ ᠳᠤ ᠤᠯᠤᠰ ᠤᠨ ᠡᠳ᠋ ᠤᠨ ᠵᠠᠰᠠᠭ ᠮᠤᠬᠤᠷᠳᠠᠯ ᠳᠤ ᠤᠷᠤᠭᠠᠳ ᠪᠠᠶᠢᠨ᠎ᠠ᠂ ᠨᠠᠮ ᠪᠦᠯᠤᠭ᠌ ᠬᠤᠪᠢᠶᠠᠬᠤ ᠦᠬᠡᠢ᠂ ᠥᠪᠡᠷ ᠤᠨ ᠥᠷᠦᠬᠡᠯ ᠤᠨ ᠭᠡᠵᠤ ᠬᠤᠪᠢᠶᠠᠬᠤ ᠦᠬᠡᠢ ᠡᠪ ᠨᠢᠬᠡᠳᠤᠯ ᠲᠠᠢ ᠪᠠᠶᠢᠬᠤ ᠨᠢ ᠮᠤᠬᠤᠷᠳᠠᠯ ᠡᠴᠡ ᠭᠠᠷᠬᠤ ᠴᠤᠷ ᠤᠨ ᠭᠠᠬᠴᠠ ᠵᠦᠪ ᠰᠤᠩᠭ᠋ᠤᠯᠲᠠ ᠮᠦᠨ ᠬᠡᠵᠤ ᠢᠯᠡᠷᠬᠡᠶᠢᠯᠡᠪᠠ᠃ ᠭᠠᠩᠪᠠᠭᠠᠲᠤᠷ᠂ ᠤᠯᠤᠰ ᠤᠨ ᠢᠶᠡᠨ ᠤᠳᠤᠬᠢ ᠪᠠᠢᠳᠠᠯ ᠢ ᠥᠭᠡᠷᠡᠴᠢᠯᠡᠬᠦ ᠪᠡᠷ ᠪᠢ ᠨᠢᠬᠡᠨᠲᠠ ᠬᠦᠢᠴᠡᠳ ᠪᠡᠯᠡᠳᠭᠡᠯ ᠬᠢᠭ᠍ᠰᠡᠨ ᠬᠡᠵᠤ ᠢᠯᠡᠷᠭᠡᠶᠢᠯᠡᠪᠡ᠃ ᠪᠠᠲᠤᠲᠤᠯᠭ᠎ᠠ᠂ ᠢᠷᠭᠡᠳ ᠤᠨ ᠮᠠᠨᠢ ᠳᠡᠮᠵᠢᠯᠡᠬᠡ ᠪᠠᠶᠢᠬᠤ ᠤᠴᠢᠷ ᠡᠴᠡ ᠠᠮᠵᠢᠯᠲᠠ ᠳᠤ ᠬᠦᠷᠬᠦ ᠳᠤ ᠢᠳᠡᠭᠡᠯ ᠲᠠᠢ ᠪᠠᠶᠢᠨ᠎ᠠ ᠬᠡᠵᠡᠢ᠃

    ᠮᠤᠩᠭ᠋ᠤᠯ ᠤᠯᠤᠰ ᠤᠨ ᠶᠡᠷᠦᠩᠬᠡᠢᠯᠡᠭᠴᠢ ᠶᠢᠨ ᠰᠤᠩᠭ᠋ᠤᠭᠤᠯᠢ ᠶᠢᠨ ᠶᠡᠷᠦᠩᠬᠡᠢ ᠬᠤᠷᠢᠶᠠᠨ ᠤ ᠳᠠᠷᠤᠭ᠎ᠠ ᠰᠤᠳᠨᠠᠮᠴᠠᠷᠢᠨ ᠭᠤᠷᠪᠠᠨ ᠨᠡᠷ᠎ᠠ ᠲᠡᠪᠰᠢᠭᠴᠢ ᠳᠤ ᠦᠨᠡᠮᠯᠡᠬᠦ  ᠶᠢ ᠨᠢ ᠭᠠᠷᠳᠠᠭᠤᠯᠵᠤ᠂ ᠳᠡᠳᠡᠨᠡᠷ ᠢ ᠶᠡᠷᠦᠩᠬᠡᠶᠢᠯᠡᠭᠴᠢ ᠶᠢᠨ ᠰᠤᠩᠭ᠋ᠤᠭᠤᠯᠢ ᠳᠤ ᠬᠠᠤᠯᠢ ᠶᠤᠰᠤ ᠪᠡᠷ ᠡᠷᠭᠡ ᠳᠡᠭᠰᠢ᠂ ᠭᠤᠤᠯᠴᠢ ᠪᠡᠷ ᠤᠷᠤᠯᠴᠠᠬᠤ ᠶᠢ ᠱᠠᠭᠠᠷᠳᠠᠵᠡᠢ᠃ ᠮᠤᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ 6 ᠰᠠᠷ᠎ᠠ ᠶᠢᠨ 26 ᠤ ᠡᠲᠦᠷ ᠶᠠᠪᠤᠭᠲᠠᠨ᠎ᠠ᠃ ᠬᠤᠯᠪᠤᠭᠳᠠᠯ ᠪᠦᠬᠦᠢ ᠬᠠᠤᠯᠢ ᠳᠦᠷᠢᠮ ᠢ ᠦᠨᠳᠤᠰᠤᠯᠠᠪᠠᠯ᠂ ᠤᠯᠤᠰ ᠤᠨ ᠶᠡᠬᠡ ᠬᠤᠷᠠᠯ  ᠳᠤ ᠰᠠᠭᠤᠳᠠᠯ ᠲᠠᠢ ᠤᠯᠤᠰ ᠲᠦᠷᠦ ᠶᠢᠨ ᠨᠠᠮ  ᠤᠨ ᠬᠢᠨ ᠴᠦᠮ ᠶᠡᠷᠦᠩᠬᠡᠶᠢᠯᠡᠭᠴᠢ ᠳᠤ ᠨᠡᠷ᠎ᠠ ᠳᠡᠪᠰᠢᠭᠴᠢ ᠪᠡᠨ ᠪᠠᠲᠤᠯᠠᠭᠠᠵᠢᠭᠤᠯᠬᠤ ᠡᠷᠭᠡ ᠲᠠᠢ᠃ ᠮᠣᠩ᠋ᠭᠤᠯ ᠤᠯᠤᠰ ᠪᠤᠯ ᠫᠠᠷᠯᠠᠮᠧᠨ᠋ᠲ ᠤᠨ ᠵᠠᠰᠠᠭᠯᠠᠯᠳᠤ ᠤᠯᠤᠰ᠂ ᠶᠡᠷᠦᠩᠬᠡᠶᠢᠯᠡᠭᠴᠢ ᠨᠢ ᠲᠦᠷᠦ ᠶᠢᠨ ᠳᠡᠷᠢᠬᠦᠨ ᠪᠤᠯᠬᠤ ᠮᠦᠷᠲᠡᠬᠡᠨ ᠵᠡᠪᠰᠡᠭᠲᠤ ᠬᠦᠴᠦᠨ ᠤ ᠶᠡᠷᠦᠩᠬᠡᠢ ᠺᠤᠮᠠᠨᠳᠠᠯᠠᠬᠴᠢ ᠪᠤᠯᠬᠤ ᠶᠤᠮ᠃ ᠶᠡᠷᠦᠩᠬᠡᠶᠢᠯᠡᠭᠴᠢ ᠵᠢᠨ ᠳᠤᠰᠢᠶᠠᠯ ᠳᠤ ᠪᠠᠶᠢᠬᠤ ᠬᠤᠭᠤᠴᠠᠭ᠎ᠠ ᠨᠢ 4 ᠵᠢᠯ᠂ ᠠᠬᠢᠵᠤ ᠨᠢᠬᠡ ᠤᠳᠠᠭ᠎ᠠ ᠤᠯᠠᠷᠢᠵᠤ ᠰᠤᠩᠭ᠋ᠤᠭᠳᠠᠵᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121063088