蒙古文网站Logo
ᠰᠢᠨᠬᠤᠸᠠ ᠮᠤᠩᠭ᠋ᠤᠯ ᠨᠧᠲ

ᠮᠤᠩᠭᠤᠯ ᠤᠯᠤᠰ ᠤᠨ ᠰᠡᠳᠬᠦᠯᠴᠢᠳ ᠤᠨ ᠪᠠᠭ ᠵᠧᠵᠢᠶᠠᠩ ᠮᠤᠵᠢ ᠳᠤ ᠠᠶᠢᠯᠴᠢᠯᠠᠨ ᠰᠤᠷᠪᠤᠯᠵᠢᠯᠠᠪᠠ

2017-06-06 09:46

    ᠰᠢᠨᠬᠤᠧᠠ ᠬᠤᠷᠢᠶ᠎ᠠ   ᠬᠠᠩᠵᠧᠤ ᠶᠢᠨ 6 ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠳ᠋ᠤᠧᠠᠨ ᠵᠢᠩ ᠵᠢᠩ)  ᠳᠦᠷᠦ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠬᠡᠯᠡᠯ ᠤᠨ ᠠᠯᠪᠠᠨ ᠡᠴᠡ ᠰᠠᠨᠠᠭᠠᠴᠢᠯᠠᠭᠰᠠᠨ 2017《ᠰᠢᠨ᠎ᠡ ᠶᠢ ᠡᠬᠦᠳᠦᠭᠰᠡᠨ ᠳᠤᠮᠳᠠᠳᠤ ᠤᠯᠤᠰ ᠲᠤ ᠠᠩᠬᠠᠷᠤᠯ ᠢᠶᠡᠨ ᠬᠠᠨᠳᠤᠭᠤᠯᠤᠶ᠎ᠠ》ᠰᠡᠳᠦᠪᠳᠤ ᠮᠤᠩᠭᠤᠯ ᠤᠯᠤᠰ ᠤᠨ ᠬᠡᠪᠯᠡᠯ ᠮᠡᠳᠡᠬᠡᠯᠡᠯ ᠤᠨ ᠬᠢᠨ ᠤ ᠰᠡᠳᠬᠦᠯᠴᠢᠳ ᠤᠨ ᠪᠠᠭ ᠳᠤᠮᠳᠠᠳᠤ ᠤᠯᠤᠰ ᠲᠤ ᠠᠶᠢᠯᠴᠢᠯᠠᠨ ᠰᠤᠷᠪᠤᠯᠵᠢᠯᠠᠬᠤ ᠠᠵᠢᠯᠯᠠᠭ᠎ᠠ 2 – 4 ᠤ ᠡᠳᠦᠷ ᠵᠧᠵᠢᠶᠠᠩ ᠳᠤ ᠪᠤᠯᠪᠠ᠃

    ᠰᠡᠳᠬᠦᠯᠴᠢᠳ ᠤᠨ ᠪᠠᠭ ᠨᠢ ᠬᠠᠩᠵᠧᠤ ᠶᠢᠨ ᠠ ᠯᠢ ᠪᠠ ᠪᠠ ᠪᠦᠯᠦᠭᠯᠡᠯ᠂ ᠬᠠᠢ ᠺᠠᠩ ᠸᠧᠢ ᠱᠢ ᠵᠡᠷᠬᠡ ᠠᠵᠤ ᠠᠬᠤᠶᠢᠯᠠᠯ ᠪᠤᠯᠤᠨ ᠮᠧᠩ ᠰᠢᠶᠠᠩ᠂ ᠶᠦᠨ ᠰᠢ ᠪᠠᠯᠭᠠᠰᠤᠨ ᠤ ᠠᠵᠤ ᠦᠢᠯᠡᠰ ᠤᠨ ᠬᠦᠷᠢᠶᠡᠯᠡᠩ ᠳᠤ ᠳᠤᠮᠳᠠᠳᠤ ᠤᠯᠤᠰ ᠤᠨ ᠢᠨᠲ᠋ᠧᠷᠨᠧᠲ ᠬᠢᠬᠡᠳ ᠴᠠᠬᠢᠮ ᠬᠤᠳᠠᠯᠳᠤᠭᠠᠨ ᠤ ᠬᠦᠭᠵᠢᠯᠳᠡ ᠲᠠᠢ ᠳᠠᠨᠢᠯᠴᠠᠬᠤ ᠶᠢᠨ ᠵᠡᠷᠬᠡᠴᠡᠬᠡ᠂ ᠨᠢᠩᠪᠦ᠋ᠧᠧ ᠶᠢᠨ ᠵᠧᠤ ᠱᠠᠨ ᠭᠠᠷᠠᠮ ᠳᠤ ᠤᠳᠤ ᠦᠶ᠎ᠡ ᠶᠢᠨ ᠪᠠᠷᠠᠭ᠎ᠠ ᠪᠦᠳᠦᠬᠡᠭᠳᠡᠬᠦᠨ ᠤ ᠬᠦᠢᠯᠬᠡᠬᠡ᠂ ᠤᠰᠤᠨ ᠵᠠᠮ ᠤᠨ ᠳᠡᠬᠡᠬᠡᠪᠦᠷᠢ ᠶᠢᠨ ᠦᠢᠯᠡᠴᠢᠯᠡᠬᠡᠨ ᠤ ᠴᠢᠳᠠᠪᠬᠢ ᠲᠠᠢ ᠳᠠᠨᠢᠯᠴᠠᠵᠠᠢ᠃

    ᠮᠤᠩᠭᠤᠯ ᠤᠯᠤᠰ ᠤᠨ ᠰᠡᠳᠬᠦᠯᠴᠢᠳ ᠤᠨ ᠡᠪᠯᠡᠯ ᠤᠨ ᠳᠡᠷᠢᠬᠦᠯᠡᠭᠴᠢ ᠪᠠᠳᠮᠠᠧᠴᠢᠷ ᠤᠨ ᠭᠠᠯᠠᠷᠢᠳᠢ᠂ ᠡᠨᠡᠬᠦ ᠠᠵᠢᠯᠯᠠᠭ᠎ᠠ ᠪᠡᠷ ᠮᠠᠨ ᠤ ᠰᠡᠳᠬᠦᠯᠴᠢᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠰᠢᠨ᠎ᠡ ᠡᠬᠦᠳᠦᠯᠳᠡ᠂ ᠪᠦᠳᠦᠬᠡᠭᠳᠡᠬᠦᠨ ᠤ ᠠᠰᠢᠭᠯᠠᠯᠳᠠ ᠵᠡᠷᠬᠡ ᠶᠢ ᠦᠵᠡᠵᠤ ᠳᠠᠨᠢᠯᠴᠠᠭᠰᠠᠨ ᠤ ᠪᠡᠨ ᠰᠠᠭᠤᠷᠢᠨ ᠳᠤ ᠠᠳᠠᠯᠢ ᠪᠤᠰᠤ ᠬᠠᠷᠠᠭᠠᠰᠤ ᠡᠴᠡ ᠮᠡᠳᠡᠬᠡᠯᠡᠯ ᠰᠠᠴᠤᠬᠤ ᠪᠤᠯᠤᠨ᠎ᠠ ᠬᠡᠵᠡᠢ᠃ ᠮᠤᠩᠭᠤᠯ ᠤᠯᠤᠰ ᠤᠨ News.mn ᠨᠧᠲ ᠤᠨ ᠰᠡᠳᠬᠦᠯᠴᠢ ᠭᠠᠩᠪᠤᠯᠤᠳ ᠤᠨ ᠪᠠᠳᠤᠳᠦ᠋ᠰᠢᠭ᠂ ᠪᠢᠳᠡᠨᠡᠷ ᠡᠨᠡᠬᠦ ᠠᠵᠢᠯᠯᠠᠭᠠᠨ ᠤ ᠳᠠᠯ᠎ᠠ ᠪᠡᠷ ᠨᠡᠯᠢᠶᠡᠳ ᠬᠡᠳᠦᠨ ᠮᠡᠳᠡᠬᠡ ᠭᠠᠷᠭᠠᠭᠰᠠᠨ ᠪᠠᠶᠢᠭ᠎ᠠ᠂ ᠮᠤᠩᠭᠤᠯ ᠤᠨ ᠢᠷᠬᠡᠳ ᠬᠦᠷᠰᠢ ᠬᠦᠷᠦᠨ ᠪᠤᠯᠤᠭᠰᠠᠨ ᠳᠤᠮᠳᠠᠳᠤ ᠤᠯᠤᠰ ᠤᠨ ᠬᠦᠭᠵᠢᠯᠳᠡ ᠶᠢ ᠮᠠᠰᠢ ᠠᠩᠬᠠᠷᠴᠤ ᠪᠠᠶᠢᠳᠠᠭ᠂ ᠶᠡᠬᠡᠩᠬᠢ ᠬᠦᠮᠦᠰ ᠲᠤ ᠡᠨᠳᠡ ᠢᠷᠡᠵᠤ ᠨᠢᠳᠦ ᠪᠡᠷ ᠦᠵᠡᠬᠦ ᠪᠤᠯᠤᠮᠵᠢ ᠪᠠᠶᠢᠬᠤ ᠦᠬᠡᠢ᠂ ᠪᠢ ᠦᠪᠡᠷ ᠤᠨ ᠦᠵᠡᠭᠰᠡᠨ ᠳᠠᠨᠢᠭᠰᠠᠨ ᠢᠶᠡᠨ ᠦᠰᠦᠭ ᠵᠢᠷᠤᠭ ᠤᠨ ᠬᠡᠯᠪᠡᠷᠢ ᠪᠡᠷ ᠨᠧᠲ ᠢᠶᠡᠷ ᠢᠶᠡᠨ ᠰᠠᠴᠤᠵᠤ᠂ ᠮᠤᠩᠭᠤᠯ ᠤᠨ ᠨᠡᠩ ᠤᠯᠠᠨ ᠬᠦᠮᠦᠰ ᠲᠤ ᠳᠤᠮᠳᠠᠳᠤ ᠤᠯᠤᠰ ᠢ ᠤᠶᠢᠯᠠᠭᠠᠭᠤᠯᠤᠨ᠎ᠠ ᠬᠡᠯ᠎ᠡ᠃

    ᠮᠤᠩᠭᠤᠯ ᠤᠯᠤᠰ ᠤᠨ ᠰᠡᠳᠬᠦᠯᠴᠢᠳ ᠤᠨ ᠪᠠᠭ 2015 ᠤᠨ ᠪᠠ 2016 ᠤᠨ ᠳᠤ ᠳᠤᠰ ᠳᠤᠰ《ᠳᠤᠮᠳᠠᠳᠤ ᠤᠯᠤᠰ ᠤᠨ ᠶᠠᠫᠤᠨ ᠢ ᠡᠰᠡᠷᠬᠦᠴᠡᠬᠦ ᠳᠠᠶᠢᠨ ᠤ ᠤᠯᠠ ᠮᠦᠷ ᠢ ᠬᠠᠶᠢᠬᠤ ᠠᠶᠠᠯᠠᠯ》᠂ 《ᠪᠤᠬᠢᠷᠳᠤᠯ ᠦᠬᠡᠢ ᠬᠦᠭᠵᠢᠯᠳᠡ ᠳᠤ ᠠᠩᠬᠠᠷᠤᠯ ᠢᠶᠡᠨ ᠬᠠᠨᠳᠤᠭᠤᠯᠤᠶ᠎ᠠ》 ᠭᠤᠤᠯ ᠰᠡᠳᠦᠪᠳᠤ ᠰᠤᠷᠪᠤᠯᠵᠢᠯᠠᠭ᠎ᠠ ᠶᠢᠨ ᠠᠶᠠᠨ ᠢᠶᠡᠷ ᠳᠤᠮᠳᠠᠳᠤ ᠤᠯᠤᠰ ᠤᠨ ᠤᠯᠠᠨ ᠨᠤᠳᠤᠭ ᠲᠠᠢ ᠳᠠᠨᠢᠯᠴᠠᠵᠤ ᠶᠠᠪᠤᠭᠰᠠᠨ ᠶᠤᠮ᠃ ᠡᠨᠡ ᠤᠳᠠᠭᠠᠨ ᠤ ᠠᠵᠢᠯᠯᠠᠭ᠎ᠠ ᠪᠡᠷ ᠮᠤᠩᠭᠤᠯ ᠤᠯᠤᠰ ᠤᠨ ᠭᠠᠳᠠᠭᠠᠳᠤ ᠬᠡᠷᠡᠭ ᠤᠨ ᠶᠠᠮᠤᠨ ᠤ ᠠᠯᠪᠠᠨ ᠳᠤᠰᠢᠶᠠᠯᠳᠠᠨ᠂ ᠮᠤᠩᠭᠤᠯ ᠤᠨ ᠰᠡᠳᠬᠦᠯᠴᠢᠳ ᠤᠨ ᠡᠪᠯᠡᠯ ᠤᠨ ᠳᠡᠷᠢᠬᠦᠯᠡᠭᠴᠢ ᠨᠠᠷ ᠪᠤᠯᠤᠨ ᠮᠤᠩᠭᠤᠯ ᠤᠨ ᠮᠤᠨ᠋ᠴᠧᠮᠧ ᠠᠭᠧᠨ᠋ᠲ᠋ᠯᠢᠭ᠂ ᠦᠨᠳᠦᠰᠦᠨ ᠤ ᠤᠯᠠᠨ ᠨᠡᠶᠢᠳᠡ ᠶᠢᠨ ᠷᠠᠳᠢᠣ᠋ ᠲᠧᠯᠧᠶ᠋ᠰ᠂ 《ᠦᠨᠦᠳᠦᠷ ᠰᠤᠨᠢᠨ》᠂ 《ᠦᠨᠳᠦᠰᠦᠨ ᠤ ᠰᠢᠤᠳᠠᠨ ᠰᠤᠨᠢᠨ》᠂ ᠮᠤᠩᠭᠤᠯ ᠤᠯᠤᠰ ᠤᠨ News.mn ᠨᠧᠲ ᠵᠡᠷᠬᠡ ᠭᠤᠤᠯ ᠴᠢᠬᠤᠯᠠ ᠬᠡᠪᠯᠡᠯ ᠮᠡᠳᠡᠬᠡᠯᠡᠯ ᠤᠨ ᠬᠢᠨ ᠤᠷᠤᠯᠴᠠᠵᠠᠢ᠃ 7 ᠡᠳᠦᠷ ᠤᠨ ᠬᠤᠭᠤᠴᠠᠭ᠎ᠠ ᠲᠠᠢ ᠡᠨᠡᠬᠦ ᠠᠵᠢᠯᠯᠠᠭ᠎ᠠ ᠪᠡᠷ ᠰᠡᠳᠬᠦᠯᠴᠢᠳ ᠤᠨ ᠪᠠᠭ ᠨᠢ ᠪᠡᠬᠡᠵᠢᠩ᠂ ᠵᠧᠵᠢᠶᠠᠩ᠂ ᠭᠤᠧᠠᠩᠳᠦ᠋ᠩ ᠵᠡᠷᠬᠡ ᠭᠠᠵᠠᠷ ᠤᠳ ᠢᠶᠡᠷ ᠰᠤᠷᠪᠤᠯᠵᠢᠯᠠᠵᠤ᠂ ᠳᠤᠮᠳᠠᠳᠤ ᠮᠤᠩᠭᠤᠯ ᠤᠨ ᠬᠡᠪᠯᠡᠯ ᠮᠡᠳᠡᠬᠡᠯᠡᠯ ᠤᠨ ᠬᠢᠨ ᠤ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠶᠢ ᠡᠷᠴᠢᠮᠵᠢᠬᠦᠯᠦᠨ᠂ ᠬᠤᠶᠠᠷ ᠤᠷᠤᠨ ᠤ ᠢᠷᠬᠡᠳ ᠤᠨ ᠤᠶᠢᠯᠠᠭᠠᠯᠴᠠᠭ᠎ᠠ ᠶᠢ ᠤᠯᠠᠮ ᠬᠦᠨᠵᠡᠬᠡᠶᠢᠷᠡᠬᠦᠯᠬᠦ ᠳᠤ ᠢᠳᠡᠪᠬᠢᠳᠡᠢ ᠡᠬᠦᠷᠬᠡ ᠬᠦᠢᠴᠡᠳᠬᠡᠬᠦ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121092667