蒙古文网站Logo
ᠰᠢᠨᠬᠤᠸᠠ ᠮᠤᠩᠭ᠋ᠤᠯ ᠨᠧᠲ

ᠠᠩᠭ᠍ᠯᠢ ᠠᠩᠬ᠎ᠠ ᠤᠳᠠᠭ᠎ᠠ ᠬᠢᠳᠠᠳ ᠠᠩᠭ᠍ᠯᠢ ᠬᠤᠤᠰ ᠬᠡᠯᠡᠨ ᠤ ᠪᠠᠭ᠎ᠠ ᠰᠤᠷᠭᠠᠭᠤᠯᠢ ᠪᠠᠶᠢᠭᠤᠯᠪᠠ

2017-06-12 11:36

    ᠠᠩᠭ᠍ᠯᠢ ᠶᠢᠨ 《ᠡᠳᠦᠷ ᠪᠦᠷᠢ ᠶᠢᠨ ᠴᠠᠬᠢᠯᠭᠠᠨ ᠮᠡᠳᠡᠬᠡ》 ᠨᠧᠲ ᠤᠨ 6 ᠰᠠᠷ᠎ᠠ ᠶᠢᠨ 7 ᠤ ᠡᠳᠦᠷ ᠤᠨ ᠮᠡᠳᠡᠬᠡ ᠶᠢ ᠦᠨᠳᠦᠰᠦᠯᠡᠪᠡᠯ᠂ ᠨᠢᠳᠤᠨᠤᠨ ᠤ 9 ᠰᠠᠷ᠎ᠠ ᠳᠤ ᠯᠤᠨᠳᠤᠨ ᠤ ᠪᠠᠷᠠᠭᠤᠨ ᠬᠡᠰᠡᠭ ᠲᠤ ᠪᠠᠶᠢᠭᠤᠯᠤᠭᠳᠠᠭᠰᠠᠨ ᠺᠧᠨ᠋ᠰᠢᠩᠲ᠋ᠤᠨ (Kensington) ᠬᠤᠤᠰ ᠬᠡᠯᠡᠨ ᠤ ᠰᠤᠷᠭᠠᠭᠤᠯᠢ ᠨᠢ ᠬᠤᠶᠠᠷᠬᠠᠨ ᠬᠢᠴᠢᠶᠡᠯ ᠤᠨ ᠳᠠᠩᠬᠢᠮ ᠲᠠᠢ᠂ ᠲᠡᠬᠦᠨ ᠤ ᠨᠢᠬᠡ ᠳᠠᠩᠬᠢᠮ ᠳᠤ ᠨᠢ ᠭᠠᠭᠴᠠᠬᠠᠨ ᠴᠤ ᠠᠩᠭ᠍ᠯᠢ ᠦᠰᠦᠭ ᠬᠠᠷᠠᠭᠳᠠᠬᠤ ᠦᠬᠡᠢ᠂ ᠵᠢᠷᠤᠭ ᠲᠤ ᠨᠢ ᠵᠦᠪᠬᠡᠨ ᠬᠢᠳᠠᠳ ᠳᠡᠮᠳᠡᠭ ᠲᠠᠢ᠂ ᠨᠤᠮ ᠤᠳ ᠨᠢ ᠴᠦᠮ ᠬᠢᠳᠠᠳ ᠬᠡᠯᠡᠨ ᠤ ᠨᠤᠮ ᠪᠠᠶᠢᠳᠠᠭ᠃

    ᠳᠤᠰ ᠰᠤᠷᠭᠠᠭᠤᠯᠢ ᠨᠢ ᠠᠩᠭ᠍ᠯᠢ ᠳᠤ ᠪᠠᠶᠢᠭᠤᠯᠤᠭᠳᠠᠭᠰᠠᠨ ᠠᠩᠬᠠᠨ ᠤ ᠬᠢᠳᠠᠳ ᠠᠩᠭ᠍ᠯᠢ ᠬᠤᠤᠰ ᠬᠡᠯᠡᠨ ᠤ ᠪᠡᠯᠡᠳᠬᠡᠯ ᠰᠤᠷᠭᠠᠭᠤᠯᠢ ᠪᠠᠶᠢᠵᠤ᠂ 3 ᠡᠴᠡ 11 ᠨᠠᠰᠤᠨ ᠤ ᠬᠡᠤᠬᠡᠳ ᠲᠤ ᠪᠦᠬᠦ ᠳᠠᠯ᠎ᠠ ᠶᠢᠨ ᠬᠤᠤᠰ ᠬᠡᠯᠡᠨ ᠤ ᠰᠤᠷᠭᠠᠯᠳᠠ ᠬᠦᠷᠳᠡᠬᠡᠳᠡᠭ ᠶᠤᠮ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011120701121127449