蒙古文网站Logo
ᠰᠢᠨᠬᠤᠸᠠ ᠮᠤᠩᠭ᠋ᠤᠯ ᠨᠧᠲ

ᠲᠡᠯᠡᠬᠡᠢ ᠶᠢᠨ ᠠᠵᠢᠯᠴᠢᠨ ᠤ ᠵᠤᠬᠢᠶᠠᠨ ᠪᠠᠶᠢᠭᠤᠯᠤᠯᠲᠠ ᠡᠴᠡ ᠬᠡᠦᠬᠡᠳ ᠠᠵᠢᠯᠴᠢᠨ ᠤ ᠠᠰᠠᠭᠤᠲᠠᠯ ᠢ ᠰᠶᠢᠳᠪᠦᠷᠢᠯᠡᠬᠦ ᠶᠢ ᠤᠷᠢᠶᠠᠯᠠᠯ᠎ᠠ

2017-06-13 17:32

    ᠰᠢᠨᠬᠤᠧᠠ ᠬᠤᠷᠢᠶ᠎ᠠ   ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ 6 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠵᠢᠶᠠᠠ ᠭᠠᠩ ) 12 ᠤᠨ ᠡᠲᠦᠷ᠂ ᠲᠡᠯᠡᠬᠡᠢ ᠨᠡᠶᠢᠭᠡᠮ ᠢᠶᠡᠷ ᠢᠶᠡᠨ ᠪᠠᠴᠢᠮ ᠠᠷᠭ᠎ᠠ ᠬᠡᠮᠵᠢᠶ᠎ᠠ ᠠᠪᠴᠤ᠂ ᠮᠦᠷᠬᠦᠯᠲᠦᠭᠡᠨ ᠪᠠ ᠭᠠᠮᠰᠢᠭ ᠲᠤ ᠨᠦᠯᠦᠭᠡᠯᠡᠭᠲᠡᠭᠰᠡᠨ ᠭᠠᠵᠠᠷ ᠤᠨ ᠬᠡᠦᠬᠡᠳ ᠠᠵᠢᠯᠴᠢᠨ ᠤ ᠠᠰᠠᠭᠤᠲᠠᠯ ᠢ ᠰᠢᠢᠳᠪᠦᠷᠢᠯᠡᠬᠦ ᠶᠢ ᠲᠡᠯᠡᠬᠡᠢ ᠶᠢᠨ ᠠᠵᠢᠯᠴᠢᠨ ᠤ ᠵᠤᠬᠢᠶᠠᠨ ᠪᠠᠶᠢᠭᠤᠯᠤᠯᠲᠠ ᠡᠴᠡ ᠤᠷᠢᠶᠠᠯᠠᠯ᠎ᠠ᠃

    6 ᠰᠠᠷ᠎ᠠ ᠶᠢᠨ 12 ᠤᠨ ᠡᠲᠦᠷ ᠪᠤᠯ 《ᠲᠡᠯᠡᠬᠡᠢ ᠶᠢᠨ ᠬᠡᠦᠬᠡᠳ ᠠᠵᠢᠯᠴᠢᠨ ᠦᠭᠡᠢ ᠡᠲᠦᠷ 》᠃ ᠵᠢᠯ ᠪᠦᠷᠢ ᠪᠦᠬᠦ ᠲᠡᠯᠡᠬᠡᠢ ᠶᠢᠨ ᠳ᠋ᠦᠩᠰᠢᠭᠤᠷ ᠭᠠᠷᠤᠢ ᠬᠡᠦᠬᠡᠳ ᠭᠠᠮᠰᠢᠭ ᠲᠤ ᠨᠦᠯᠦᠭᠡᠯᠡᠭᠲᠡᠵᠦ᠂ ᠵᠡᠪᠰᠡᠭᠲᠦ ᠮᠦᠷᠬᠦᠯᠲᠦᠭᠡᠨ ᠲᠠᠢ ᠤᠷᠤᠨ ᠳ᠋ᠤ ᠠᠮᠢᠲᠤᠷᠠᠵᠤ ᠪᠠᠶᠢᠭ᠎ᠠ ᠬᠡᠦᠬᠡᠳ 2.3 ᠳ᠋ᠦᠩᠰᠢᠭᠤᠷ ᠬᠦᠷᠪᠡ᠃ ᠬᠢᠮᠤᠷᠠᠯ ᠬᠡᠴᠡᠬᠦᠲᠡᠬᠦ ᠪᠡᠷ ᠰᠤᠷᠭᠠᠭᠤᠯᠢ ᠡᠪᠲᠡᠭᠲᠡᠵᠦ᠂ ᠨᠡᠶᠢᠭᠡᠮ ᠤᠨ ᠪᠠᠲᠤᠯᠠᠭᠠᠨ ᠤ ᠰᠢᠰᠲ᠋ᠧᠮ ᠲᠠᠮᠫᠤᠷᠠᠭᠰᠠᠨ ᠢᠶᠡᠷ᠂ ᠬᠡᠦᠬᠡᠳ ᠠᠵᠢᠯᠴᠢᠨ ᠤᠯᠠᠮ ᠲᠦᠭᠰᠢᠭᠦᠷᠢ ᠲᠠᠢ ᠪᠤᠯᠵᠤ᠂ ᠡᠲᠡᠭᠡᠷ ᠬᠡᠦᠬᠡᠳ ᠠᠵᠢᠯᠴᠢᠨ ᠠᠮᠠᠷᠠᠬᠠᠨ ᠬᠤᠬᠢᠷᠠᠯ ᠳ᠋ᠤ ᠤᠴᠠᠷᠠᠵᠤ᠂ ᠫᠠᠨᠽᠠᠴᠢᠨ ᠪᠠ ᠬᠦᠲᠡᠯᠮᠦᠷᠢ ᠬᠦᠴᠦᠨ ᠤ ᠦᠷᠡᠭᠲᠡᠯ ᠪᠤᠯᠪᠠ᠃ ᠮᠦᠨ ᠡᠲᠦᠷ᠂ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠬᠦᠨᠡᠰᠦ ᠬᠦᠲᠡᠭᠡ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠡᠴᠡ ᠨᠡᠶᠢᠲᠡᠯᠡᠭᠰᠡᠨ ᠢᠶᠡᠷ᠂ ᠪᠦᠬᠦ ᠲᠡᠯᠡᠬᠡᠢ ᠳ᠋ᠤ 1.68 ᠳ᠋ᠦᠩᠰᠢᠭᠤᠷ ᠬᠡᠦᠬᠡᠳ ᠠᠵᠢᠯᠴᠢᠨ ᠲᠠᠢ᠂ ᠡᠭᠦᠨ ᠳ᠋ᠤ 9800 ᠲᠦᠮᠡᠨ ᠬᠡᠦᠬᠡᠳ ᠠᠵᠢᠯᠴᠢᠨ ᠬᠦᠲᠡᠭᠡ ᠠᠵᠤ ᠠᠬᠤᠢ ᠶᠢᠨ ᠠᠶᠤᠯ ᠲᠦᠭᠰᠢᠬᠦᠷᠢ ᠲᠠᠢ᠂ ᠬᠦᠯᠦᠰᠦ ᠤᠯᠭᠤᠮᠵᠢ ᠦᠭᠡᠢ ᠠᠵᠢᠯ ᠬᠢᠵᠦ ᠪᠠᠶᠢᠨ᠎ᠡ ᠭᠡᠵᠡᠢ᠃

    2002 ᠤᠨ ᠤ 6 ᠰᠠᠷ᠎ᠠ ᠳ᠋ᠤ᠂ ᠵᠧᠨᠧᠧᠠ ᠳ᠋ᠤ ᠬᠤᠷᠠᠯᠲᠤᠭᠰᠠᠨ 90 ᠳ᠋ᠡᠬᠢ ᠡᠭᠡᠯᠵᠢ ᠶᠢᠨ ᠤᠯᠠᠨ ᠤᠯᠤᠰ ᠤᠨ ᠬᠦᠲᠡᠯᠮᠦᠷᠢᠴᠢᠳ ᠤᠨ ᠶᠡᠬᠡ ᠬᠤᠷᠠᠯ ᠢᠶᠡᠷ ᠵᠢᠯ ᠪᠦᠷᠢ ᠶᠢᠨ 6 ᠰᠠᠷ᠎ᠠ ᠶᠢᠨ 12 ᠤᠨ ᠡᠲᠦᠷ ᠢ 《ᠲᠡᠯᠡᠬᠡᠢ ᠶᠢᠨ ᠬᠡᠦᠬᠡᠳ ᠠᠵᠢᠯᠴᠢᠨ ᠦᠭᠡᠢ ᠡᠲᠦᠷ 》 ᠢᠶᠡᠷ ᠲᠤᠭᠲᠠᠭᠠᠵᠤ᠂ ᠲᠡᠯᠡᠬᠡᠢ ᠨᠡᠶᠢᠲᠡ ᠪᠡᠷ ᠢᠶᠡᠨ ᠬᠡᠦᠬᠡᠳ ᠠᠵᠢᠯᠴᠢᠨ ᠤ ᠠᠰᠠᠭᠤᠲᠠᠯ ᠢ ᠠᠩᠠᠬᠷᠴᠤ᠂ ᠪᠦᠲᠦᠮᠵᠢᠲᠡᠢ ᠠᠷᠭ᠎ᠠ ᠬᠡᠮᠵᠢᠶ᠎ᠠ ᠠᠪᠬᠤ ᠶᠢ ᠤᠷᠢᠶᠠᠯᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011120791121136825