ᠲᠷᠠᠮᠫ ᠦᠨᠳᠦᠰᠦᠨ ᠬᠠᠦᠯᠢ ᠶᠢ ᠵᠦᠷᠢᠴᠡᠭᠰᠡᠨ ᠭᠡᠮᠡᠨ ᠵᠠᠭᠠᠯᠲᠤᠭᠲᠠᠪᠠ 2017-06-14 10:19

    ᠰᠢᠨᠬᠤᠸᠠ ᠬᠤᠷᠢᠶ᠎ᠠ   ᠸᠠᠰᠢᠩᠲ᠋ᠤᠨ ᠤ 6 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠰᠢᠦᠢ ᠵᠢᠶᠠᠨ ᠮᠸᠢ ) 12 ᠤᠨ ᠡᠲᠦᠷ᠂ ᠠᠮᠸᠷᠢᠺᠠ ᠶᠢᠨ ᠸᠠᠰᠢᠩᠲ᠋ᠤᠨ ᠤᠨᠴᠠᠭᠠᠢ ᠤᠷᠤᠨ ᠪᠠ ᠮᠠᠷᠢᠯᠠᠨᠳ᠋ ᠵᠧᠤ ᠶᠢᠨ ᠪᠠᠶᠢᠴᠠᠭᠠᠭᠴᠢ ᠨᠤᠶᠠᠨ ᠨᠠᠷ᠎ᠠ ᠬᠠᠮᠲᠤᠷᠠᠨ ᠠᠮᠧᠷᠢᠺᠠ ᠶᠢᠨ ᠶᠡᠷᠦᠩᠬᠡᠶᠢᠯᠡᠭᠴᠢ ᠲᠷᠠᠮᠫ ᠢ ᠬᠤᠪᠢ ᠨᠡᠶᠢᠲᠡ ᠶᠢᠨ ᠠᠰᠢᠭ ᠲᠤᠰᠠ ᠡᠴᠡ ᠵᠠᠶᠢᠯᠠᠬᠤ ᠠᠮᠠᠯᠠᠯᠲᠠ ᠡᠴᠡ ᠪᠠᠨ ᠵᠦᠷᠢᠴᠡᠵᠦ᠂ ᠭᠠᠲᠠᠭᠠᠲᠤ ᠤᠯᠤᠰ ᠤᠨ ᠵᠠᠰᠠᠭ ᠤᠨ ᠭᠠᠵᠠᠷ ᠤᠨ ᠬᠡᠲᠦᠨ ᠵᠠᠭᠤᠨ ᠲᠦᠮᠡ ᠭᠠᠷᠤᠢ ᠳ᠋ᠤᠯᠯᠠᠷ ᠤᠨ ᠵᠠᠷᠤᠲᠠᠯ ᠢ ᠬᠤᠷᠢᠶᠠᠭᠰᠠᠨ ᠢᠶᠡᠷ ᠦᠨᠳᠦᠰᠦᠨ ᠬᠠᠦᠯᠢ ᠶᠢᠨ ᠬᠦᠯᠦᠰᠦ ᠤᠯᠭᠤᠮᠵᠢ ᠶᠢᠨ ᠵᠤᠷᠪᠤᠰ ᠢ ᠵᠦᠷᠢᠴᠡᠵᠦ᠂ ᠠᠮᠸᠷᠢᠺᠠ ᠶᠢᠨ ᠤᠯᠤᠰ ᠲᠦᠷᠦ ᠶᠢᠨ ᠲᠤᠭᠲᠠᠭᠠᠮᠵᠢ ᠶᠢᠨ ᠪᠦᠬᠦᠯᠢ ᠴᠤᠭᠴᠠᠲᠤ ᠴᠢᠨᠠᠷ ᠢ ᠡᠪᠲᠡᠭᠰᠡᠨ ᠭᠡᠵᠦ ᠵᠠᠭᠠᠯᠲᠤᠵᠠᠢ᠃

    ᠬᠤᠶᠠᠷ ᠪᠠᠶᠢᠴᠠᠭᠠᠭᠴᠢ ᠨᠤᠶᠠᠨ ᠢᠯᠡᠷᠬᠡᠶᠢᠯᠡᠬᠦ  ᠳ᠋ᠡᠭᠡᠨ᠂ ᠬᠤᠯᠪᠤᠭᠠᠨ ᠤ ᠰᠢᠬᠦᠬᠦ ᠨᠤᠶᠠᠨ ᠬᠡᠷᠡᠭ ᠪᠤᠯᠭᠠᠨ ᠪᠦᠷᠢᠳᠭᠡᠪᠡᠯ ᠲᠷᠠᠮᠫ ᠤᠨ ᠡᠳ᠋ ᠤᠨ ᠶᠠᠪᠤᠲᠠᠯ ᠤᠨ ᠲᠠᠩᠰᠠ ᠶᠢ ᠤᠯᠬᠤ ᠪᠤᠯᠤᠨ᠎᠎ᠠ ᠭᠡᠵᠡᠢ᠃ ᠮᠦᠨ ᠡᠲᠦᠷ ᠠᠮᠸᠷᠢᠺᠠ ᠶᠢᠨ ᠴᠠᠭᠠᠨ ᠤᠷᠲᠤᠨ ᠡᠴᠡ ᠵᠠᠭᠠᠯᠲᠤᠭᠰᠠᠨ ᠬᠤᠶᠠᠷ ᠪᠠᠶᠢᠴᠠᠭᠠᠭᠴᠢ ᠨᠤᠶᠠᠨ ᠪᠤᠯ ᠠᠷᠠᠳᠴᠢᠯᠠᠭᠰᠠᠨ ᠨᠠᠮ ᠤᠨ ᠬᠦᠮᠦᠨ ᠪᠠᠶᠢᠵᠤ᠂ ᠢᠯᠡ ᠲᠤᠲᠤ ᠤᠯᠤᠰ ᠲᠦᠷᠦ ᠶᠢᠨ ᠬᠠᠨᠲᠤᠯᠭ᠎ᠠ ᠲᠠᠢ ᠭᠡᠵᠡᠢ᠃

    ᠠᠮᠸᠷᠢᠺᠠ ᠶᠢᠨ ᠦᠨᠳᠦᠰᠦᠨ ᠬᠠᠦᠯᠢ ᠶᠢᠨ ᠬᠦᠯᠦᠰᠦ ᠤᠯᠭᠤᠮᠵᠢ ᠶᠢᠨ ᠵᠤᠷᠪᠤᠰ ᠲᠤ ᠲᠤᠭᠲᠠᠭᠠᠭᠰᠠᠨ ᠢᠶᠡᠷ᠂ ᠬᠤᠯᠪᠤᠭᠠᠨ ᠤ ᠵᠠᠰᠠᠭ ᠤᠨ ᠭᠠᠵᠠᠷ ᠤᠨ ᠨᠤᠶᠠᠳ ᠤᠯᠤᠰ ᠤᠨ ᠬᠤᠷᠠᠯ ᠤᠨ ᠵᠦᠪᠰᠢᠶᠡᠷᠡᠯ ᠦᠭᠡᠢ ᠪᠡᠷ ᠭᠠᠲᠠᠭᠠᠲᠤ ᠤᠯᠤᠰ ᠤᠨ ᠵᠠᠰᠠᠭ ᠤᠨ ᠭᠠᠵᠠᠷ ᠤᠨ ᠪᠡᠯᠡᠭ ᠰᠡᠯᠲᠡ᠂ ᠨᠤᠶᠠᠨ ᠵᠡᠷᠭᠡ᠂ ᠬᠦᠯᠦᠰᠦ ᠤᠯᠭᠤᠮᠵᠢ᠂ ᠢᠷᠠᠭᠤ ᠠᠯᠲᠠᠷ ᠢ ᠬᠦᠷᠲᠡᠵᠦ ᠪᠤᠯᠬᠤ ᠦᠭᠡᠢ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
010070230030000000000000011120791121140346