ᠰᠤᠯᠤᠩᠭᠤᠰ ᠴᠦᠮ᠎ᠡ ᠶᠢᠨ ᠵᠡᠪᠰᠡᠭ ᠦᠢᠯᠡᠳᠬᠦ ᠪᠠᠨ ᠵᠤᠭᠰᠤᠪᠠᠯ ᠺᠤᠷᠢᠶᠠ ᠲᠤᠷᠠᠲᠠᠶ᠎ᠠ ᠨᠦᠬᠦᠴᠡᠯ ᠦᠭᠡᠢ ᠲᠡᠮᠵᠢᠯᠭᠡ ᠦᠵᠡᠬᠦᠯᠦᠨ᠎ᠡ ᠭᠡᠵᠦ ᠺᠤᠷᠢᠶᠠ ᠶᠢᠨ ᠶᠡᠷᠦᠩᠬᠡᠶᠢᠯᠡᠭᠴᠢ ᠤᠨᠴᠠᠯᠠᠪᠠ 2017-06-16 16:45

    ᠰᠢᠨᠬᠤᠧᠠ ᠬᠤᠷᠢᠶ᠎ᠠ   ᠰᠧᠦ᠋ᠯ ᠤᠨ 6 ᠰᠠᠷ᠎ᠠ ᠶᠢᠨ 15 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠶᠤᠤ ᠴᠢ ᠯᠢᠨ᠂ ᠭᠧ᠍ᠩ ᠰᠢᠤᠧᠠᠢ ᠫᠧᠩ ) ᠺᠤᠷᠢᠶᠠ ᠶᠢᠨ ᠶᠡᠷᠦᠩᠬᠡᠶᠢᠯᠡᠭᠴᠢ ᠮᠦᠨ ᠽᠧ ᠶᠢᠨ 15 ᠤ ᠡᠲᠦᠷ ᠢᠯᠡᠷᠬᠡᠶᠢᠯᠡᠬᠦ ᠳ᠋ᠡᠭᠡᠨ᠂ ᠰᠤᠯᠤᠩᠭᠤᠰ ᠬᠡᠷᠪᠡ ᠴᠦᠮ᠎ᠡ ᠶᠢᠨ ᠵᠡᠪᠰᠡᠭ ᠦᠢᠯᠡᠳᠬᠦ ᠪᠡᠨ ᠵᠤᠭᠰᠤᠪᠠᠯ ᠺᠤᠷᠢᠶᠠ ᠲᠤᠷᠠᠲᠠᠶ᠎ᠠ ᠨᠦᠬᠦᠴᠡᠯ ᠦᠭᠡᠢ ᠲᠡᠮᠵᠢᠯᠭᠡ ᠦᠵᠡᠬᠦᠯᠦᠨ᠎ᠡ ᠭᠡᠵᠡᠢ᠃

    ᠮᠦᠨ ᠽᠧ ᠶᠢᠨ ᠮᠦᠨ ᠢᠯᠡᠷᠬᠡᠶᠢᠯᠡᠬᠦ ᠳ᠋ᠡᠭᠡᠨ᠂ ᠺᠤᠷᠢᠶᠠ ᠵᠢᠷᠭᠤᠭᠠᠨ ᠲᠠᠯ᠎ᠠ ᠶᠢᠨ ᠬᠡᠯᠡᠯᠴᠡᠭᠡᠷ ᠢ ᠰᠡᠷᠭᠦᠭᠡᠬᠦ ᠪᠡᠷ ᠴᠢᠷᠮᠠᠶᠢᠵᠤ ᠪᠠᠶᠢᠭ᠎ᠠ ᠪᠦᠭᠡᠳ 《9 • 19 ᠬᠠᠮᠲᠤ ᠶᠢᠨ ᠢᠯᠡᠷᠬᠡᠶᠢᠯᠡᠯᠲᠡ》 ᠪᠠ 《2 • 13 ᠬᠠᠮᠲᠤ ᠶᠢᠨ ᠢᠯᠡᠷᠬᠡᠶᠢᠯᠡᠯᠲᠡ》 ᠶᠢ ᠨᠠᠶᠢᠲᠠᠪᠤᠷᠢᠵᠢᠭᠤᠯᠵᠤ᠂ ᠰᠤᠯᠤᠩᠭᠤᠰ ᠬᠤᠶᠢᠭ ᠤᠨ ᠴᠦᠮ᠎ᠡ ᠶᠢᠨ ᠠᠰᠠᠭᠤᠲᠠᠯ ᠢ ᠰᠢᠢᠳᠪᠦᠷᠢᠯᠡᠬᠦ ᠪᠤᠯᠤᠨ᠎ᠠ ᠭᠡᠵᠡᠢ᠃

    2000 ᠤᠨ ᠤ 6 ᠰᠠᠷ᠎ᠠ ᠶᠢᠨ 15 ᠤ ᠡᠲᠦᠷ᠂ ᠺᠤᠷᠢᠶᠠ ᠶᠢᠨ ᠶᠡᠷᠦᠩᠬᠡᠶᠢᠯᠡᠭᠴᠢ ᠠᠭᠰᠠᠨ ᠵᠢᠨ ᠳ᠋ᠢᠶᠧ ᠵᠦᠩ ᠬᠠᠲᠤᠨ ᠢ ᠡᠾᠦ᠋ᠢ ᠬᠸ ᠲᠠᠢ ᠪᠠᠨ ᠫᠢᠦᠩᠶᠠᠩ ᠳ᠋ᠤ ᠠᠶᠢᠯᠴᠢᠯᠠᠨ ᠰᠤᠯᠤᠩᠭᠤᠰ ᠤᠨ ᠬᠠᠮᠤᠭ ᠤᠨ ᠲᠡᠭᠡᠳᠦ ᠤᠲᠤᠷᠢᠲᠤᠭᠴᠢ ᠪᠠᠶᠢᠭᠰᠠᠨ ᠺᠢᠮ ᠽᠦᠩ ᠢᠯ ᠲᠠᠢ ᠠᠭᠤᠯᠵᠠᠵᠤ 《ᠡᠮᠦᠨᠡᠲᠦ ᠤᠮᠠᠷᠠᠲᠤ ᠶᠢᠨ ᠬᠠᠮᠲᠤ ᠶᠢᠨ ᠲᠤᠩᠬᠠᠭ》 ᠢ ᠨᠡᠶᠢᠲᠡᠯᠡᠵᠡᠢ᠃ ᠡᠭᠦᠨ ᠤ ᠲᠠᠷᠠᠭ᠎ᠠ ᠪᠡᠷ ᠺᠤᠷᠢᠶᠠ ᠰᠤᠯᠤᠩᠭᠤᠰ ᠤᠨ ᠬᠠᠮᠲᠤᠷᠠᠯᠴᠠᠭ᠎ᠠ ᠰᠢᠨ᠎ᠡ ᠠᠬᠢᠯᠲᠠ ᠲᠠᠢ ᠪᠤᠯᠤᠬᠰᠠᠨ ᠶᠤᠮ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120791121157529