蒙古文网站Logo
ᠰᠢᠨᠬᠤᠸᠠ ᠮᠤᠩᠭ᠋ᠤᠯ ᠨᠧᠲ

ᠪᠷᠦ᠋ᠰᠧᠯ ᠤᠨ ᠲᠦᠪ ᠭᠠᠯᠲᠤ ᠲᠡᠷᠭᠡᠨ ᠦᠷᠲᠡᠭᠡᠨ ᠳ᠋ᠤ ᠲᠡᠯᠪᠡᠷᠡᠯᠲᠡ ᠶᠢᠨ ᠬᠡᠷᠡᠭ ᠭᠠᠷᠪᠠ

2017-06-21 09:57

    ᠰᠢᠨᠬᠤᠧᠠ ᠬᠤᠷᠢᠶ᠎ᠠ ᠪᠷᠦ᠋ᠰᠧᠯ ᠤᠨ 6 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠫᠠᠨ ᠭᠧ ᠫᠢᠩ ) ᠪᠧᠯᠬᠢ ᠶᠢᠨ ᠬᠤᠯᠪᠤᠭᠠᠨ ᠤ ᠮᠦᠷᠲᠡᠨ ᠪᠠᠶᠢᠴᠠᠭᠠᠬᠤ ᠭᠠᠵᠠᠷ ᠤᠨ ᠠᠯᠪᠠᠨ ᠰᠠᠶᠢᠲ 20 ᠤ ᠡᠲᠦᠷ ᠮᠡᠲᠡᠭᠡᠯᠡᠬᠦ ᠳ᠋ᠡᠭᠡᠨ᠂ 30 ᠨᠠᠰᠤᠨ ᠤ ᠪᠠᠷᠤᠭ ᠤᠨ ᠨᠢᠭᠡ ᠡᠷᠡᠭᠲᠡᠢ ᠪᠷᠦ᠋ᠰᠧᠯ ᠤᠨ ᠲᠦᠪ  ᠭᠠᠯᠲᠤ ᠲᠡᠷᠭᠡᠨ ᠦᠷᠲᠡᠭᠡᠨ ᠳ᠋ᠤ ᠲᠡᠯᠪᠡᠷᠡᠯᠲᠡ ᠶᠢᠨ ᠬᠡᠷᠡᠭ ᠡᠭᠦᠰᠭᠡᠭ᠍ᠰᠡᠨ ᠴᠤ ᠬᠦᠮᠦᠨ ᠬᠠᠷ᠎ᠠ ᠡᠨᠳᠡᠵᠦ ᠰᠢᠷᠬᠠᠲᠤᠭᠰᠠᠨ ᠦᠭᠡᠢ᠂ ᠡᠨᠡ ᠡᠷᠡᠭᠲᠡᠢ ᠶᠢ ᠴᠡᠷᠢᠭ ᠤᠨ ᠬᠢᠨ ᠫᠤᠤᠲᠠᠨ ᠠᠯᠠᠪᠠ ᠭᠡᠵᠡᠢ᠃

    ᠬᠡᠪᠯᠡᠯ ᠮᠡᠲᠡᠭᠡᠯᠡᠯ ᠤᠨ ᠪᠠᠭ᠎ᠠ ᠬᠤᠷᠠᠯ ᠢᠶᠡᠷ᠂ ᠪᠧᠯᠬᠢ ᠶᠢᠨ ᠬᠤᠯᠪᠤᠭᠠᠨ ᠤ ᠮᠦᠷᠲᠡᠨ ᠪᠠᠶᠢᠴᠠᠭᠠᠬᠤ ᠭᠠᠵᠠᠷ ᠤᠨ ᠦᠬᠦᠯᠡᠭᠴᠢ ᠬᠡᠯᠡᠬᠦ ᠳ᠋ᠡᠭᠡᠨ᠂ ᠡᠨᠡ ᠡᠷᠡᠭᠲᠡᠢ ᠶᠢᠨ ᠪᠠᠶ᠎ᠠ ᠶᠢᠨ ᠭᠠᠷᠤᠯ ᠢ ᠬᠠᠷᠠᠬᠠᠨ ᠲᠤᠲᠤᠯᠠᠭᠠᠲᠤᠢ᠂ ᠬᠠᠮᠰᠠᠭᠠᠲᠠᠨ ᠪᠠᠶᠢᠬᠤ ᠡᠰᠡᠬᠦ ᠶᠢ ᠨᠢ ᠮᠡᠲᠡᠭᠡᠲᠦᠢ ᠭᠡᠵᠡᠢ᠃ ᠤᠲᠤᠬᠠᠨ ᠳ᠋ᠤ ᠪᠷᠦ᠋ᠰᠧᠯ ᠤᠨ ᠵᠡᠭᠡᠯᠢ ᠭᠤᠲᠤᠮᠵᠢ ᠪᠡᠷ ᠪᠦᠷ ᠴᠠᠭᠲᠠᠭ᠎ᠠ ᠲᠤᠬᠢᠷᠠᠭᠤᠯᠵᠤ᠂ ᠴᠠᠭᠲᠠᠭᠠᠨ ᠤ ᠡᠭᠴᠡ ᠪᠤᠰᠲᠠᠭ ᠨᠢᠰᠬᠦ ᠤᠩᠭᠤᠴᠠ ᠴᠤ ᠬᠤᠲᠠ ᠶᠢᠨ ᠲᠡᠭᠡᠭᠦᠷ ᠨᠢᠰᠴᠦ ᠪᠠᠶᠢᠨ᠎ᠠ᠃

    ᠤᠲᠤᠬᠠᠨ ᠳ᠋ᠤ ᠪᠷᠦ᠋ᠰᠧᠯ ᠤᠨ ᠲᠦᠪ ᠭᠠᠯᠲᠤ ᠲᠡᠷᠭᠡᠨ ᠦᠷᠲᠡᠭᠡ ᠬᠦᠷᠬᠦ ᠪᠦᠬᠦᠢᠢᠯᠡ ᠭᠠᠯᠲᠤ ᠲᠡᠷᠭᠡ ᠶᠢ ᠪᠦᠬᠦᠨ ᠢ ᠵᠤᠭᠰᠤᠭᠠᠵᠤ᠂ ᠲᠤᠰ ᠦᠷᠲᠡᠭᠡ ᠪᠡᠷ ᠦᠩᠭᠡᠷᠡᠬᠦ ᠮᠧᠲ᠋ᠷᠣ᠋ ᠴᠤ ᠵᠤᠭᠰᠤᠪᠠ᠃

( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠶᠧ ᠫᠢᠩ ᠹᠠᠨ )

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121182612