ᠰᠠᠦ᠋ᠳᠢ ᠠᠷᠠᠪ ᠤᠨ ᠤᠯᠤᠰ ᠤᠨ ᠸᠠᠩ ᠬᠦᠪᠡᠭᠦᠨ ᠢᠶᠡᠨ ᠸᠠᠩ ᠤᠨ ᠵᠠᠯᠭᠠᠮᠵᠢᠯᠠᠭᠴᠢ ᠪᠤᠯᠭᠠᠬᠤ ᠪᠡᠷ ᠲᠤᠭᠲᠠᠪᠠ 2017-06-22 10:37

    ᠰᠢᠨᠬᠤᠧᠠ ᠬᠤᠷᠢᠶ᠎ᠠ   ᠷᠢᠶᠠᠳ᠋ ᠤᠨ 6 ᠰᠠᠷ᠎ᠠ ᠶᠢᠨ 21 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠪᠦᠧᠧ ) 21 ᠤ ᠡᠲᠦᠷ᠂ ᠰᠠᠦ᠋ᠳᠢ ᠠᠷᠠᠪ ᠤᠨ ᠤᠯᠤᠰ ᠤᠨ ᠸᠠᠩ᠂ ᠲᠡᠷᠢᠬᠦᠨ ᠰᠠᠶᠢᠳ ᠰᠠᠯᠠᠮᠠᠨ ᠠᠴᠢ ᠬᠦᠦ ᠶᠢᠨ ᠢᠶᠡᠨ ᠸᠠᠩ ᠤᠨ ᠵᠠᠯᠭᠠᠮᠵᠢᠯᠠᠭᠴᠢ᠂ ᠲᠡᠳ᠋ ᠲᠡᠷᠢᠬᠦᠨ ᠰᠠᠶᠢᠳ ᠪᠠ ᠲᠤᠲᠤᠭᠠᠲᠤ ᠶᠠᠪᠤᠲᠠᠯ ᠤᠨ ᠰᠠᠶᠢᠳ ᠤᠨ ᠲᠤᠰᠢᠶᠠᠯ ᠢ ᠤᠭᠴᠠᠷᠠᠭᠤᠯᠬᠤ ᠵᠠᠷᠯᠢᠭ ᠨᠡᠶᠢᠲᠡᠯᠡᠵᠦ᠂ ᠦᠪᠡᠷ ᠤᠨ ᠢᠶᠡᠨ ᠬᠦᠪᠡᠭᠦᠨ ᠢ ᠸᠠᠩ ᠤᠨ ᠵᠠᠯᠭᠠᠮᠵᠢᠯᠠᠭᠴᠢ᠂ ᠲᠡᠳ᠋ ᠲᠡᠷᠢᠬᠦᠨ ᠰᠠᠶᠢᠳ ᠪᠤᠯᠭᠠᠬᠤ ᠶᠢᠨ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠠᠶᠢᠳ ᠤᠨ ᠲᠤᠰᠢᠶᠠᠯ ᠢ ᠡᠭᠦᠷᠭᠡᠯᠡᠬᠦᠯᠬᠦ ᠪᠡᠷ ᠲᠤᠬᠳᠠᠪᠠ᠃

    ᠡᠨᠡ ᠨᠢ 2015 ᠤᠨ ᠤ 1 ᠰᠠᠷ᠎ᠠ ᠳ᠋ᠤ ᠰᠠᠯᠠᠮᠠᠨ ᠰᠠᠭᠤᠷᠢᠨ ᠳ᠋ᠤ ᠰᠠᠭᠤᠬᠰᠠᠨ ᠡᠴᠡ ᠨᠠᠭᠠᠰᠢ ᠬᠤᠶᠠᠲᠤᠭᠠᠷ ᠤᠲᠠᠭ᠎ᠠ ᠸᠠᠩ ᠤᠨ ᠵᠠᠯᠭᠠᠮᠵᠢᠯᠠᠭᠴᠢ ᠶᠢ ᠰᠠᠭᠤᠷᠢᠨ ᠡᠴᠡ ᠨᠢ ᠪᠠᠭᠤᠯᠭᠠᠵᠤ ᠪᠠᠶᠢᠭ᠎ᠠ ᠶᠠᠪᠤᠲᠠᠯ ᠪᠤᠯᠬᠤ ᠶᠤᠮ᠃ ᠸᠠᠩ ᠤᠨ ᠰᠢᠨ᠎ᠡ  ᠵᠠᠯᠭᠠᠮᠵᠢᠯᠠᠭᠴᠢ ᠡᠨᠡ ᠵᠢᠯ 31 ᠨᠠᠰᠤᠲᠠᠢ᠃ ᠲᠡᠷᠡᠪᠡᠷ 2015 ᠤᠨ ᠳ᠋ᠤ ᠸᠠᠩ ᠤᠨ ᠲᠡᠳ᠋ ᠵᠠᠯᠭᠠᠮᠵᠢᠯᠠᠭᠴᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠠᠶᠢᠳ ᠤᠨ ᠲᠤᠰᠢᠶᠠᠯ ᠳ᠋ᠤ ᠭᠠᠷᠴᠤ᠂ ᠴᠡᠷᠢᠭ ᠤᠨ ᠶᠠᠪᠤᠲᠠᠯ ᠪᠠ ᠡᠳ᠋ ᠤᠨ ᠵᠠᠰᠠᠭ ᠤᠨ ᠲᠠᠯ᠎ᠠ ᠳ᠋ᠤ ᠲᠤᠪᠤᠶᠢᠮ᠎ᠠ ᠠᠮᠵᠢᠯᠲᠠ ᠲᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120791121190435