蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠰᠠᠨᠠᠯ ᠬᠤᠷᠢᠶᠠᠯᠳᠠ ᠡᠬᠢᠯᠡᠪᠡ

2017-06-26 15:46

    ᠰᠢᠨᠬᠤᠸᠠ ᠬᠤᠷᠢᠶ᠎ᠠ  ᠤᠯᠠᠭᠠᠨᠪᠠᠭᠠᠳᠤᠷ ᠤᠨ 6 ᠰᠠᠷ᠎ᠠ ᠶᠢᠨ 26 ᠤ ᠡᠳᠤᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠠᠰᠬᠠᠨ)  ᠮᠤᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠰᠠᠨᠠᠯ ᠬᠤᠷᠢᠶᠠᠯᠳᠠ 26 ᠤ ᠡᠳᠤᠷ ᠤᠨ 7 ᠴᠠᠭ ᠲᠤ ᠠᠯᠪᠠᠨ ᠶᠤᠰᠤ ᠪᠡᠷ ᠡᠬᠢᠯᠡᠪᠡ᠃ 198 ᠲᠦᠮᠡᠨ ᠰᠤᠩᠭ᠋ᠤᠭᠴᠢ ᠤᠯᠤᠰ ᠲᠠᠶᠠᠭᠠᠷ ᠤᠨ 1983 ᠰᠠᠨᠠᠯ ᠬᠤᠷᠢᠶᠠᠬᠤ ᠦᠷᠳᠡᠬᠡᠨ ᠳᠤ ᠰᠠᠨᠠᠯ ᠢᠶᠡᠨ ᠦᠭᠴᠦ᠂ ᠮᠤᠩᠭ᠋ᠤᠯ ᠤᠯᠤᠰ ᠤᠨ ᠰᠢᠨ᠎ᠡ ᠡᠬᠡᠯᠵᠢ ᠶᠢᠨ ᠶᠡᠷᠦᠩᠬᠡᠶᠢᠯᠡᠭᠴᠢ ᠶᠢ ᠰᠤᠩᠭ᠋ᠤᠨ᠎ᠠ᠃

    ᠬᠤᠯᠪᠤᠭᠳᠠᠯ ᠪᠦᠬᠦᠢ ᠬᠠᠤᠯᠢ ᠳᠦᠷᠢᠮ ᠢ ᠦᠨᠳᠤᠰᠤᠯᠠᠪᠠᠯ᠂ ᠤᠯᠤᠰ ᠤᠨ ᠶᠡᠬᠡ ᠬᠤᠷᠠᠯ  ᠳᠤ ᠰᠠᠭᠤᠳᠠᠯ ᠲᠠᠢ ᠤᠯᠤᠰ ᠲᠦᠷᠦ ᠶᠢᠨ ᠨᠠᠮ ᠤᠨ ᠬᠢᠨ ᠴᠦᠮ ᠶᠡᠷᠦᠩᠬᠡᠶᠢᠯᠡᠭᠴᠢ ᠳᠤ ᠨᠡᠷ᠎ᠠ ᠳᠡᠪᠰᠢᠭᠴᠢ ᠪᠡᠨ ᠪᠠᠲᠤᠯᠠᠭᠠᠵᠢᠭᠤᠯᠬᠤ ᠡᠷᠭᠡ ᠲᠠᠢ᠃ ᠤᠯᠤᠰ ᠤᠨ ᠶᠡᠬᠡ ᠬᠤᠷᠠᠯ ᠳᠤ ᠨᠡᠶᠢᠳᠡ 76 ᠵᠦᠪᠯᠡᠯᠬᠡᠨ ᠤ ᠰᠠᠭᠤᠳᠠᠯ ᠲᠠᠢ᠂ ᠮᠤᠩᠭ᠋ᠤᠯ ᠠᠷᠠᠳ ᠤᠨ ᠨᠠᠮ 65 ᠰᠠᠭᠤᠳᠠᠯ᠂ ᠠᠷᠠᠳᠴᠢᠯᠠᠭᠰᠠᠨ ᠨᠠᠮ 9 ᠰᠠᠭᠤᠳᠠᠯ᠂ ᠮᠤᠩᠭ᠋ᠤᠯ ᠠᠷᠠᠳ ᠤᠨ ᠬᠤᠪᠢᠰᠬᠠᠯᠳᠤ ᠨᠠᠮ 1 ᠰᠠᠭᠤᠳᠠᠯ ᠲᠠᠢ᠂ ᠪᠠᠶ᠎ᠠ ᠲᠠᠭᠠᠭᠠᠭᠰᠠᠨ ᠨᠡᠷ᠎ᠠ ᠳᠡᠪᠰᠢᠭᠴᠶ ᠶᠢᠨ  1 ᠰᠠᠭᠤᠲᠠᠯ ᠪᠤᠢ ᠃

    5 ᠰᠠᠷ᠎ᠠ ᠶᠢᠨ 27 ᠤ ᠡᠳᠤᠷ᠂ ᠮᠤᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠶᠡᠷᠦᠩᠬᠡᠢ ᠬᠤᠷᠢᠶᠠᠨ ᠡᠴᠡ ᠶᠡᠷᠦᠩᠬᠡᠢᠢᠯᠡᠭᠴᠢ ᠶᠢᠨ ᠰᠤᠩᠭ᠋ᠤᠭᠤᠯᠢ ᠳ᠋ᠤ ᠤᠷᠤᠯᠴᠠᠬᠤ 3 ᠨᠠᠷ᠎ᠠ ᠲᠡᠪᠰᠢᠭᠴᠢ ᠶᠢ ᠠᠯᠪᠠᠨ ᠶᠤᠰᠤᠭᠠᠷ ᠵᠠᠷᠯᠠᠵᠤ ᠦᠨᠡᠮᠯᠡᠬᠦ ᠭᠠᠷᠳᠠᠭᠤᠯᠪᠠ᠃ ᠨᠡᠷ᠎ᠠ ᠲᠡᠪᠰᠢᠭᠴᠢ ᠨᠢ ᠲᠤᠰ ᠪᠦᠷᠢ ᠮᠤᠩᠭ᠋ᠤᠯ ᠠᠷᠠᠳ ᠤᠨ ᠨᠠᠮ ᠤᠨ ᠤᠳᠤ ᠶᠢᠨ ᠲᠠᠷᠤᠭ᠎ᠠ᠂ ᠮᠤᠩᠭ᠋ᠤᠯ ᠤᠯᠤᠰ ᠤᠨ ᠤᠯᠤᠰ ᠤᠨ ᠶᠡᠬᠡ ᠬᠤᠷᠠᠯ ᠤᠨ ᠲᠠᠷᠤᠭ᠎ᠠ ᠮᠢᠶᠧᠭ᠋᠋ᠤᠮᠪᠤ ᠶᠢᠨ ᠡᠩᠬᠡᠪᠤᠯᠤᠳ᠂ ᠠᠷᠠᠳᠴᠢᠯᠠᠭᠰᠠᠨ ᠨᠠᠮ ᠤᠨ ᠤᠯᠤᠰ ᠤᠨ ᠶᠡᠬᠡ ᠬᠤᠷᠠᠯ ᠤᠨ ᠭᠡᠰᠢᠬᠦᠨ ᠠᠭᠰᠠᠨ ᠬ • ᠪᠠᠲᠤᠲᠤᠯᠭ᠎ᠠ ᠪᠤᠯᠤᠨ ᠮᠤᠩᠭ᠋ᠤᠯ ᠠᠷᠠᠳ ᠤᠨ ᠬᠤᠪᠢᠰᠬᠠᠯᠲᠤ ᠨᠠᠮ ᠤᠨ ᠰ • ᠭᠠᠩᠪᠠᠭᠠᠲᠤᠷ ᠪᠤᠯᠤᠨ᠎ᠠ᠃

    ᠰᠤᠩᠭ᠋ᠤᠭᠤᠯᠢ ᠡᠴᠡ ᠡᠮᠦᠨᠡᠬᠢ ᠬᠤᠭᠤᠴᠠᠭᠠᠨ ᠳᠤ ᠡᠩᠬᠡᠪᠤᠯᠤᠳ᠂ ᠤᠳᠤᠬᠠᠨ ᠳᠤ ᠤᠯᠤᠰ ᠤᠨ ᠡᠳ᠋ ᠤᠨ ᠵᠠᠰᠠᠭ ᠮᠤᠬᠤᠷᠳᠠᠯ ᠳᠤ ᠤᠷᠤᠭᠠᠳ ᠪᠠᠶᠢᠨ᠎ᠠ᠂ ᠤᠯᠤᠰ ᠳᠠᠶᠠᠭᠠᠷ ᠢᠶᠡᠨ ᠨᠠᠮ ᠪᠦᠯᠤᠭ᠌ ᠬᠤᠪᠢᠶᠠᠬᠤ ᠦᠬᠡᠢ᠂ ᠥᠪᠡᠷ ᠤᠨ ᠥᠷᠦᠬᠡᠯ ᠤᠨ ᠭᠡᠵᠤ ᠢᠯᠭᠠᠬᠤ ᠦᠬᠡᠢ ᠡᠪ ᠨᠢᠬᠡᠳᠤᠯ ᠲᠠᠢ ᠪᠠᠶᠢᠬᠤ ᠨᠢ ᠮᠤᠬᠤᠷᠳᠠᠯ ᠡᠴᠡ ᠭᠠᠷᠬᠤ ᠴᠤᠷ ᠤᠨ ᠭᠠᠬᠴᠠ ᠵᠦᠪ ᠰᠤᠩᠭ᠋ᠤᠯᠲᠠ ᠮᠦᠨ ᠬᠡᠵᠤ ᠢᠯᠡᠷᠬᠡᠶᠢᠯᠡᠪᠠ᠃ ᠪᠠᠲᠤᠲᠤᠯᠭ᠎ᠠ ᠵᠤᠯᠪᠤᠭ᠎ᠠ ᠲᠡᠭᠦᠯᠳᠡᠷ  ᠤᠷᠢᠶᠠᠯᠭ᠎ᠠ ᠪᠡᠷ ᠵᠠᠯᠠᠭᠤ ᠰᠤᠩᠭ᠋ᠤᠬᠴᠢ ᠶᠢ ᠲᠦᠯᠬᠢᠭᠦᠦ ᠲᠠᠳᠠᠵᠤ ᠪᠤᠢ᠃ ᠭᠠᠩᠪᠠᠭᠠᠲᠤᠷ᠂ ᠡᠳᠦᠷ ᠢᠷᠡᠭᠦᠶ᠎ᠠ ᠬᠦᠨᠳᠤ ᠨᠤᠴᠢᠲᠠᠢ ᠪᠤᠯᠵᠤ ᠪᠠᠶᠢᠭ᠎ᠠ ᠨᠤᠶᠠᠳ ᠤᠨ ᠢᠯᠵᠠᠷᠠᠨ ᠳᠤᠷᠤᠶᠢᠳᠠᠭ᠎ᠠ ᠪᠠᠶᠢᠳᠠᠯ  ᠳᠤ ᠴᠤᠬᠢᠯᠲᠠ ᠦᠭ᠍ᠬᠦᠨ᠎ᠠ ᠬᠡᠵᠤ ᠢᠯᠡᠷᠭᠡᠶᠢᠯ᠍ᠡᠪᠡ᠃

    ᠮᠣᠩ᠋ᠭᠤᠯ ᠤᠯᠤᠰ ᠪᠤᠯ ᠫᠠᠷᠯᠠᠮᠧᠨ᠋ᠲ ᠤᠨ ᠵᠠᠰᠠᠭᠯᠠᠯᠳᠤ ᠤᠯᠤᠰ᠂ ᠶᠡᠷᠦᠩᠬᠡᠶᠢᠯᠡᠭᠴᠢ ᠨᠢ ᠲᠦᠷᠦ ᠶᠢᠨ ᠳᠡᠷᠢᠬᠦᠨ ᠪᠤᠯᠬᠤ ᠮᠦᠷᠲᠡᠬᠡᠨ ᠵᠡᠪᠰᠡᠭᠲᠤ ᠬᠦᠴᠦᠨ ᠤ ᠶᠡᠷᠦᠩᠬᠡᠢ ᠺᠤᠮᠠᠨᠳᠠᠯᠠᠬᠴᠢ ᠪᠤᠯᠬᠤ ᠶᠤᠮ᠃ ᠶᠡᠷᠦᠩᠬᠡᠶᠢᠯᠡᠭᠴᠢ ᠵᠢᠨ ᠳᠤᠰᠢᠶᠠᠯ ᠳᠤ ᠪᠠᠶᠢᠬᠤ ᠬᠤᠭᠤᠴᠠᠭ᠎ᠠ ᠨᠢ 4 ᠵᠢᠯ᠂ ᠠᠬᠢᠵᠤ ᠨᠢᠬᠡ ᠤᠳᠠᠭ᠎ᠠ ᠤᠯᠠᠷᠢᠵᠤ ᠰᠤᠩᠭ᠋ᠤᠭᠳᠠᠵᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121211741