蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠰᠠᠨᠠᠯ ᠬᠤᠷᠢᠶᠠᠯᠳᠠ  ᠬᠤᠶᠠᠳᠡᠬᠢ ᠱᠠᠳᠤᠨ ᠳᠤ ᠤᠷᠤᠯ᠎ᠠ

2017-06-27 17:58

    ᠰᠢᠨᠬᠤᠧᠠ ᠬᠤᠷᠢᠶ᠎᠎ᠠ   ᠤᠯᠠᠭᠠᠨᠪᠠᠭᠠᠲᠤᠷ ᠤᠨ 6 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠠᠰᠬᠠᠨ ) ᠮᠤᠩᠭ᠋ᠤᠯ ᠤᠯᠤᠰ ᠤᠨ ᠶᠡᠷᠦᠩᠬᠡᠶᠢᠯᠡᠭᠴᠢ  ᠶᠢᠨ ᠰᠤᠩᠭ᠋ᠤᠭᠤᠯᠢ ᠶᠢᠨ ᠬᠤᠷᠢᠶᠠᠨ ᠤ ᠲᠡᠷᠢᠬᠦᠯᠡᠭᠴᠢ ᠰᠤᠳᠨᠠᠮᠴᠠᠷᠢᠨ 27 ᠤ ᠡᠳᠤᠷ ᠨᠡᠶᠢᠳᠡᠯᠡᠭᠰᠡᠨ ᠢᠶᠡᠷ᠂ ᠮᠤᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠠᠩᠬᠠᠨ ᠤ ᠡᠬᠡᠯᠵᠢ ᠶᠢᠨ ᠰᠠᠨᠠᠯ ᠬᠤᠷᠢᠶᠠᠯᠳᠠ ᠳᠤ ᠭᠤᠷᠪᠠᠨ ᠨᠡᠷ᠎ᠡ ᠲᠡᠪᠰᠢᠭᠴᠢ ᠶᠢᠨ ᠰᠠᠨᠠᠯ ᠤᠯᠤᠭᠰᠠᠨ ᠨᠤᠷᠮ᠎ᠠ ᠨᠢ ᠴᠦᠮ 50% ᠶ᠋ᠢ ᠳᠠᠪᠠᠭᠰᠠᠨ ᠦᠭᠡᠢ ᠪᠤᠯᠬᠤᠷ 7 ᠰᠠᠷ᠎ᠠ ᠶᠢᠨ 9 ᠤ ᠡᠳᠤᠷ ᠬᠤᠶᠠᠳᠡᠬᠢ ᠡᠬᠡᠯᠵᠢ ᠶᠢᠨ ᠰᠠᠨᠠᠯ ᠬᠤᠷᠢᠶᠠᠯᠳᠠ ᠬᠢᠨ᠎ᠡ᠃

    ᠰᠤᠳᠨᠠᠮᠴᠠᠷᠢᠨ᠂ ᠮᠤᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠬᠤᠷᠢᠶᠠᠨ ᠡᠴᠡ ᠬᠤᠯᠪᠤᠭᠳᠠᠯ ᠪᠦᠬᠦᠢ ᠬᠠᠤᠯᠢ ᠲᠦᠷᠢᠮ ᠢ ᠦᠨᠳᠤᠰᠦᠯᠡᠨ ᠬᠤᠶᠠᠳᠡᠬᠢ ᠡᠬᠡᠯᠵᠢ ᠶᠢᠨ ᠰᠠᠨᠠᠯ ᠬᠤᠷᠢᠶᠠᠯᠳᠠ ᠶᠢᠨ ᠲᠤᠭᠳᠠᠭᠠᠯ  ᠭᠠᠷᠭᠠᠵᠤ᠂ ᠰᠤᠩᠭ᠋ᠤᠭᠴᠢᠳ ᠢ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠬᠤᠶᠠᠳᠠᠬᠢ ᠱᠠᠳᠤᠨ ᠤ ᠰᠠᠨᠠᠯ ᠬᠤᠷᠢᠶᠠᠯᠳᠠ ᠳᠤ ᠢᠳᠡᠪᠬᠢᠲᠡᠢ ᠤᠷᠤᠯᠴᠠᠬᠤ ᠶᠢ ᠤᠷᠢᠶᠠᠯᠠᠵᠤ ᠪᠠᠶᠢᠨ᠎ᠠ ᠬᠡᠵᠡᠢ᠃

    ᠮᠤᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠬᠤᠷᠢᠶᠠᠨ ᠤ ᠮᠡᠳᠡᠭᠡᠯᠡᠯ ᠳᠤ᠂ ᠮᠤᠩᠭ᠋ᠤᠯ ᠤᠯᠤᠰ ᠤᠨ 198 ᠲᠦᠮᠡ ᠰᠢᠬᠠᠮ ᠰᠤᠩᠭ᠋ᠤᠭᠴᠢ ᠡᠴᠠ 135.7 ᠲᠦᠮᠡᠨ ᠰᠤᠩᠭ᠋ᠤᠭᠴᠢ 26 ᠤ ᠡᠳᠦᠷ ᠤᠨ ᠠᠩᠬᠠᠨ ᠤ ᠰᠠᠨᠠᠯ ᠬᠤᠷᠢᠶᠠᠯᠳᠠ ᠳᠤ ᠤᠷᠤᠯᠴᠠᠭᠠᠳ᠂ ᠰᠠᠨᠠᠨᠯ ᠬᠤᠷᠢᠶᠠᠬᠰᠠᠨ ᠨᠤᠷᠮ᠎ᠠ 68.27% ᠬᠦᠷᠦᠭᠰᠡᠨ ᠪᠤᠯᠬᠤᠷ ᠰᠤᠩᠭ᠋ᠤᠭᠤᠯᠢ ᠶᠢᠨ ᠳ᠋ᠦᠩ ᠬᠦᠴᠦᠨ ᠲᠠᠢ᠃ ᠮᠤᠩᠭ᠋ᠤᠯ ᠤᠯᠤᠰ ᠤᠨ ᠤᠯᠤᠰ ᠤᠨ ᠶᠡᠬᠡ ᠬᠤᠷᠠᠯ ᠤᠨ ᠲᠠᠷᠤᠭ᠎ᠠ ᠮᠢᠶᠧᠭ᠋᠋ᠤᠮᠪᠤ ᠶᠢᠨ ᠡᠩᠬᠡᠪᠤᠯᠤᠳ 411748 ᠰᠠᠨᠠᠯ ᠤᠯᠵᠤ᠂ ᠠᠷᠠᠳᠴᠢᠯᠠᠭᠰᠠᠨ ᠨᠠᠮ ᠤᠨ ᠤᠯᠤᠰ ᠤᠨ ᠶᠡᠬᠡ ᠬᠤᠷᠠᠯ ᠤᠨ ᠭᠡᠰᠢᠬᠦᠨ ᠠᠭᠰᠠᠨ ᠬ • ᠪᠠᠲᠤᠲᠤᠯᠭ᠎ᠠ 517478 ᠰᠠᠨᠠᠯ ᠤᠯᠵᠤ ᠂ ᠮᠤᠩᠭ᠋ᠤᠯ ᠠᠷᠠᠳ ᠤᠨ ᠬᠤᠪᠢᠰᠬᠠᠯᠲᠤ ᠨᠠᠮ ᠤᠨ ᠰ • ᠭᠠᠩᠪᠠᠭᠠᠲᠤᠷ 409899 ᠰᠠᠨᠠᠯ ᠤᠯᠪᠠ᠃ ᠭᠤᠷᠪᠠᠨ ᠨᠡᠷ᠎ᠠ ᠲᠡᠪᠰᠢᠭᠴᠢ ᠶᠢᠨ ᠰᠠᠨᠠᠯ ᠤᠯᠤᠭᠰᠠᠨ ᠨᠤᠷᠮ᠎ᠠ ᠴᠦᠮ 50% ᠶᠢ ᠳᠠᠪᠠᠭᠰᠠᠨ ᠦᠬᠡᠢ᠃

    ᠬᠤᠯᠪᠤᠭᠳᠠᠯ ᠪᠦᠬᠦᠢ ᠬᠠᠤᠯᠢ ᠳᠦᠷᠢᠮ ᠢ ᠦᠨᠳᠤᠰᠤᠯᠠᠪᠠᠯ᠂ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠠᠩᠬᠠᠨ ᠤ ᠰᠠᠨᠠᠯ ᠬᠤᠷᠢᠶᠠᠯᠳᠠ ᠳᠤ ᠡᠮᠦᠨ᠎ᠠ ᠬᠤᠶᠠᠷ ᠪᠠᠶᠢᠷᠢ ᠳᠤ ᠵᠢᠬᠰᠠᠭᠠᠬᠳᠠᠭᠰᠠᠨ ᠨᠡᠷ᠎ᠠ ᠲᠡᠪᠰᠢᠭᠴᠢ ᠪᠠᠲᠤᠲᠤᠯᠭ᠎ᠠ ᠪᠤᠯᠤᠨ ᠡᠩᠬᠡᠪᠤᠯᠤᠳ ᠬᠤᠶᠠᠳᠡᠬᠢ ᠡᠬᠡᠯᠵᠢ ᠶᠢᠨ ᠰᠠᠨᠠᠯ ᠬᠤᠷᠢᠶᠠᠯᠳᠠ ᠳᠤ ᠦᠷᠢᠰᠦᠯᠳᠦᠨ᠎ᠠ᠃

    ᠮᠤᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠠᠩᠬᠠᠨ ᠤ ᠰᠠᠨᠠᠯ ᠬᠤᠷᠢᠶᠠᠯᠳᠠ 26 ᠤ ᠡᠳᠤᠷ ᠤᠨ 7 ᠴᠠᠭ ᠲᠤ ᠠᠯᠪᠠᠨ ᠶᠤᠰᠤ ᠪᠡᠷ ᠡᠬᠢᠯᠡᠪᠡ᠃ ᠮᠣᠩ᠋ᠭᠤᠯ ᠤᠯᠤᠰ ᠪᠤᠯ ᠫᠠᠷᠯᠠᠮᠧᠨ᠋ᠲ ᠤᠨ ᠵᠠᠰᠠᠭᠯᠠᠯᠳᠤ ᠤᠯᠤᠰ᠂ ᠶᠡᠷᠦᠩᠬᠡᠶᠢᠯᠡᠭᠴᠢ ᠨᠢ ᠲᠦᠷᠦ ᠶᠢᠨ ᠳᠡᠷᠢᠬᠦᠨ ᠪᠤᠯᠬᠤ ᠮᠦᠷᠲᠡᠬᠡᠨ ᠵᠡᠪᠰᠡᠭᠲᠤ ᠬᠦᠴᠦᠨ ᠤ ᠶᠡᠷᠦᠩᠬᠡᠢ ᠺᠤᠮᠠᠨᠳᠠᠯᠠᠬᠴᠢ ᠪᠤᠯᠬᠤ ᠶᠤᠮ᠃ ᠶᠡᠷᠦᠩᠬᠡᠶᠢᠯᠡᠭᠴᠢ ᠵᠢᠨ ᠳᠤᠰᠢᠶᠠᠯ ᠳᠤ ᠪᠠᠶᠢᠬᠤ ᠬᠤᠭᠤᠴᠠᠭ᠎ᠠ ᠨᠢ 4 ᠵᠢᠯ᠂ ᠠᠬᠢᠵᠤ ᠨᠢᠬᠡ ᠤᠳᠠᠭ᠎ᠠ ᠤᠯᠠᠷᠢᠵᠤ ᠰᠤᠩᠭ᠋ᠤᠭᠳᠠᠵᠤ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121221465