蒙古文网站Logo
ᠰᠢᠨᠬᠤᠸᠠ ᠮᠤᠩᠭ᠋ᠤᠯ ᠨᠧᠲ

ᠲᠤᠮᠲᠠᠲᠤ ᠤᠯᠤᠰ ᠤᠨ ᠺᠢᠨᠣ᠋ ᠵᠦᠴᠦᠬᠡ ᠭᠠᠲᠠᠭᠠᠲᠤ ᠶᠢᠨ ᠬᠦᠮᠦᠰ ᠤᠨ ᠠᠩᠬᠠᠷᠤᠯ ᠢ ᠲᠠᠲᠠᠵᠤ ᠬᠢᠲᠠᠳ ᠬᠡᠯᠡ ᠰᠤᠷᠬᠤ ᠬᠠᠯᠠᠭᠤᠨ ᠦᠷᠨᠢᠯ ᠭᠠᠷᠴᠤ ᠪᠤᠢ

2017-06-28 16:53

    ᠭᠠᠲᠠᠭᠠᠲᠤ ᠶᠢᠨ ᠬᠡᠪᠯᠡᠯ ᠮᠡᠲᠡᠭᠡᠯᠡᠯ ᠤᠨ ᠬᠢᠨ ᠤ ᠮᠡᠲᠡᠭᠡᠯᠡᠭᠰᠡᠨ ᠢᠶᠡᠷ᠂ ᠰᠡᠬᠦᠯ ᠤᠨ ᠦᠶ᠎ᠠ ᠳ᠋ᠤ ᠲᠤᠮᠲᠠᠲᠤ ᠤᠯᠤᠰ ᠤᠨ ᠵᠤᠬᠢᠶᠠᠨ ᠪᠦᠲᠦᠭᠡᠭᠰᠡᠨ ᠺᠢᠨᠣ᠋ ᠵᠦᠴᠦᠬᠡ ᠨᠢ ᠭᠠᠲᠠᠭᠠᠲᠤ ᠶᠢᠨ ᠬᠦᠮᠦᠰ ᠤᠨ ᠬᠠᠯᠠᠭᠤᠨ ᠬᠦᠷᠢᠶᠡᠯᠡᠯ ᠢ ᠤᠯᠵᠤ ᠪᠠᠶᠢᠭ᠎ᠠ ᠶᠤᠮ᠂ ᠵᠢᠱᠢᠶᠡᠯᠡᠪᠡᠯ ᠸᠢᠶᠧᠲ᠋ᠨᠠᠮ ᠤᠯᠤᠰ ᠲᠤ ᠲᠤᠮᠲᠠᠲᠤ ᠤᠯᠤᠰ ᠤᠨ ᠺᠢᠨᠣ᠋ ᠵᠦᠴᠦᠬᠡ  ᠵᠠᠯᠠᠭᠤᠴᠤᠳ ᠲᠤ ᠶᠡᠬᠡ ᠯᠡ ᠬᠦᠷᠢᠶᠡᠯᠡᠯ ᠲᠠᠢ᠂ ᠮᠦᠨ ᠡᠭᠦᠨ ᠡᠴᠡ ᠪᠤᠯᠵᠤ ᠬᠢᠲᠠᠳ ᠬᠡᠯᠡ ᠰᠤᠷᠬᠤ ᠬᠠᠯᠠᠮᠰᠢᠯ ᠢ ᠪᠤᠢ ᠪᠤᠯᠭᠠᠪᠠ᠃

    ᠰᠢᠩᠭᠠᠫᠤᠷ ᠤᠨ《 ᠨᠢᠭᠡᠲᠦᠭᠰᠡᠨ ᠦᠷᠯᠦᠭᠡ ᠶᠢᠨ ᠰᠤᠨᠢᠨ》 ᠤ ᠰᠠᠶᠢᠲ ᠤᠨ 6 ᠰᠠᠷ᠎ᠠ ᠶᠢᠨ 25 ᠤ ᠡᠲᠦᠷ ᠮᠡᠲᠡᠭᠡᠯᠡᠭᠰᠡᠨ ᠢᠶᠡᠷ᠂ ᠬᠠᠨᠤᠢ ᠶᠢᠨ 19 ᠨᠠᠰᠤᠲᠠᠢ ᠬᠡᠦᠬᠡᠨ ᠿᠤᠧᠠᠨ ᠿᠦ ᠸᠧᠨ ᠤᠷᠤᠢ ᠪᠤᠯᠭᠠᠨ ᠲᠤᠬᠠᠢ ᠶᠢᠨ ᠤᠷᠤᠨ ᠤ ᠪᠠᠨ ᠺᠢᠨᠣ᠋ ᠵᠦᠴᠦᠬᠡ ᠶᠢᠨ ᠰᠠᠶᠢᠲ ᠡᠴᠡ ᠨᠡᠪᠲᠡᠷᠡᠬᠦᠯᠵᠦ ᠪᠦᠬᠦᠢ ᠸᠢᠶᠧᠲ᠋ᠨᠠᠮ ᠬᠡᠯᠡᠨ ᠳ᠋ᠤ ᠤᠷᠴᠢᠭᠤᠯᠤᠭᠳᠠᠭᠰᠠᠨ ᠲᠤᠮᠲᠠᠲᠤ ᠤᠯᠤᠰ ᠤᠨ ᠺᠢᠨᠣ᠋ ᠵᠦᠴᠦᠬᠡ ᠶᠢ ᠬᠦᠯᠢᠶᠠᠨ ᠰᠤᠨᠢᠷᠬᠠᠲᠠᠭ᠂ ᠿᠤᠧᠠᠨ ᠿᠦ ᠸᠧᠨ ᠲᠠᠢ ᠠᠳᠠᠯᠢ ᠪᠡᠷ ᠸᠢᠶᠧᠲ᠋ᠨᠠᠮ ᠤᠨ ᠤᠯᠠᠨ ᠵᠠᠯᠠᠭᠤᠴᠤᠳ ᠲᠤᠮᠲᠠᠲᠤ ᠤᠯᠤᠰ ᠤᠨ ᠺᠢᠨᠣ᠋ ᠵᠦᠴᠦᠬᠡ ᠶᠢ ᠬᠦᠯᠢᠶᠡᠨ ᠰᠤᠨᠢᠷᠬᠠᠵᠤ ᠪᠠᠶᠢᠨ᠎ᠠ ᠭᠡᠵᠡᠢ᠃

    ᠮᠡᠲᠡᠭᠡᠯᠡᠭᠰᠡᠨ ᠢᠶᠡᠷ᠂ ᠸᠢᠶᠧᠲ᠋ᠨᠠᠮ ᠳ᠋ᠤ ᠦᠷ᠎ᠠ ᠪᠦᠲᠦᠮᠵᠢ ᠰᠠᠶᠢᠲᠠᠢ ᠲᠡᠯᠭᠡᠴᠡᠨ ᠤ ᠲᠠᠶᠢᠯᠪᠤᠷᠢ ᠪᠢᠴᠢᠭ᠌ ᠢ ᠤᠷᠴᠢᠭᠤᠯᠬᠤ ᠪᠠᠭ ᠪᠠᠶᠢᠲᠠᠭ᠂ ᠲᠤᠮᠲᠠᠲᠤ ᠤᠯᠤᠰ ᠤᠨ ᠺᠢᠨᠣ᠋ ᠵᠦᠴᠦᠬᠡ ᠤᠷᠤᠢ ᠨᠡᠪᠲᠡᠷᠡᠬᠦᠯᠵᠦ ᠲᠠᠭᠤᠰᠤᠭᠰᠠᠨ ᠤ ᠨᠢᠭᠡ ᠴᠠᠭ ᠤᠨ ᠲᠠᠷᠠᠭ᠎ᠠ ᠲᠡᠯᠭᠡᠴᠡᠨ ᠳ᠋ᠤ ᠸᠢᠶᠧᠲ᠋ᠨᠠᠮ ᠦᠰᠦᠭ ᠤᠨ ᠲᠡᠯᠭᠡᠴᠡᠨ ᠲᠠᠶᠢᠯᠪᠤᠷᠢ ᠶᠢ ᠬᠢᠵᠦ ᠲᠠᠭᠤᠰᠬᠠᠨ᠂ ᠸᠢᠶᠧᠲ᠋ᠨᠠᠮ ᠤᠨ ᠨᠧᠲ ᠠᠰᠢᠭᠯᠠᠭᠴᠢᠳ ᠲᠤ ᠬᠠᠩᠭᠠᠲᠠᠭ᠃

    ᠤᠷᠴᠢᠭᠤᠯᠤᠭᠴᠢ ᠴᠢᠨ ᠱᠢ ᠢᠦᠢ ᠶᠢᠩ ᠤᠨ ᠲᠠᠨᠢᠯᠴᠠᠭᠤᠯᠤᠭᠰᠠᠨ ᠢᠶᠡᠷ᠂ 45 ᠮᠢᠨᠦ᠋ᠲ ᠤᠨ ᠤᠯᠠᠨ ᠠᠩᠬᠢᠲᠤ ᠺᠢᠨᠣ᠋ ᠨᠢ ᠭᠤᠷᠪᠠᠨ ᠬᠡᠰᠡᠭ ᠢᠶᠡᠷ ᠪᠦᠷᠢᠯᠲᠦᠭᠰᠡᠨ ᠪᠠᠶᠢᠲᠠᠭ᠂ ᠤᠷᠴᠢᠭᠤᠯᠤᠭᠴᠢ ᠪᠦᠷᠢ 15 ᠮᠢᠨᠦ᠋ᠲ ᠤᠨ ᠺᠢᠨᠣ᠋  ᠶᠢ ᠬᠠᠷᠢᠭᠤᠴᠠᠨ ᠤᠷᠴᠢᠭᠤᠯᠲᠠᠭ᠃ ᠠᠩᠭ᠍ᠯᠢ ᠬᠡᠯᠡ᠂ ᠶᠠᠫᠤᠨ ᠬᠡᠯᠡ᠂ ᠺᠤᠷᠢᠶᠠ ᠬᠡᠯᠡ ᠶᠢᠨ ᠵᠦᠴᠦᠭᠡ ᠤᠳ ᠲᠠᠢ ᠬᠠᠷᠢᠴᠠᠭᠤᠯᠪᠠᠯ ᠲᠤᠮ᠋ᠲᠠᠲᠤ ᠤᠯᠤᠰ ᠤᠨ ᠺᠢᠨᠣ᠋ ᠵᠦᠴᠦᠬᠡ ᠶᠡᠬᠡ ᠯᠡ ᠬᠦᠷᠢᠶᠡᠯᠡᠯ ᠲᠠᠢ ᠭᠡᠵᠡᠢ᠃

    ᠮᠡᠲᠡᠭᠡᠯᠡᠭᠰᠡᠨ ᠢᠶᠡᠷ᠂ ᠲᠤᠮᠲᠠᠲᠤ ᠤᠯᠤᠰ ᠤᠨ ᠺᠢᠨᠣ᠋ ᠵᠦᠴᠦᠬᠡ ᠸᠢᠶᠧᠲ᠋ᠨᠠᠮ ᠲᠤ ᠨᠡᠪᠲᠡᠷᠡᠬᠦᠯᠦᠭᠲᠡᠬᠦ ᠶᠢ ᠲᠠᠭᠠᠯᠲᠤᠨ ᠬᠢᠲᠠᠳ ᠬᠡᠯᠡ ᠰᠤᠷᠬᠤ ᠬᠠᠯᠠᠮᠰᠢᠯ ᠪᠤᠯᠪᠠ᠃ ᠬᠠᠨᠤᠢ ᠬᠤᠲᠠ ᠳ᠋ᠤ ᠬᠢᠲᠠᠳ ᠬᠡᠯᠡ ᠰᠤᠷᠬᠤ ᠪᠤᠯᠪᠠᠰᠤᠷᠠᠯ ᠤᠨ ᠠᠩᠬᠢ ᠡᠷᠬᠢᠯᠡᠵᠦ ᠪᠦᠬᠦᠢ ᠶᠠᠨ ᠼᠦᠢ ᠵᠤᠧᠠᠩ ᠤᠨ ᠬᠡᠯᠡᠬᠦ ᠪᠡᠷ᠂ ᠲᠡᠭᠦᠨ ᠤ ᠡᠷᠬᠢᠯᠡᠵᠦ ᠪᠠᠶᠢᠭ᠎ᠠ ᠪᠤᠯᠪᠠᠰᠤᠷᠠᠯ ᠤᠨ ᠠᠩᠬᠢ ᠨᠢ ᠭᠤᠷᠪᠠᠨ ᠶᠡᠬᠡ ᠰᠤᠷᠭᠠᠭᠤᠯᠢ ᠶᠢᠨ ᠠᠭᠤᠯᠵᠠᠷ ᠤᠷᠤᠨ ᠳ᠋ᠤ ᠪᠠᠶᠢᠷᠢᠯᠠᠵᠤ᠂ ᠰᠠᠷ᠎ᠠ ᠪᠦᠷᠢ 30 ᠰᠤᠷᠤᠭᠴᠢ ᠢᠷᠡᠵᠦ ᠰᠤᠷᠤᠯᠴᠠᠲᠠᠭ ᠭᠡᠨ᠎ᠡ᠃ ᠲᠡᠭᠡᠷ᠎ᠡ ᠵᠠᠭᠤᠨ ᠤ ᠰᠡᠬᠦᠯᠴᠢ ᠡᠴᠡ ᠡᠬᠢᠯᠡᠨ ᠸᠢᠶᠧᠲ᠋ᠨᠠᠮ ᠤᠨ ᠵᠠᠯᠠᠭᠤᠴᠤᠳ ᠲᠤᠰ ᠪᠤᠯᠪᠠᠰᠤᠷᠠᠯ ᠤᠨ ᠠᠩᠬᠢ ᠳ᠋ᠤ ᠢᠷᠡᠵᠦ ᠬᠢᠲᠠᠳ ᠬᠡᠯᠡ ᠰᠤᠷᠤᠯᠴᠠᠵᠤ᠂ ᠲᠡᠯᠭᠡᠴᠡᠨ ᠤ ᠲᠠᠶᠢᠯᠪᠤᠷᠢ ᠪᠢᠴᠢᠭ᠌ ᠦᠵᠡᠬᠦ ᠦᠭᠡᠢ ᠪᠡᠷ ᠰᠢᠭᠤᠳ ᠬᠢᠲᠠᠳ ᠬᠡᠯᠡᠨ ᠤ ᠺᠢᠨᠣ᠋ ᠵᠦᠴᠦᠬᠡ ᠦᠵᠡᠬᠦ ᠶᠢ ᠬᠦᠰᠡᠵᠦ ᠪᠠᠶᠢᠭ᠎ᠠ ᠪᠦᠭᠡᠳ ᠬᠢᠲᠠᠳ ᠬᠡᠯᠡ ᠪᠡᠷ ᠦᠪᠡᠷ ᠤᠨ ᠢᠶᠡᠨ ᠲᠤᠭᠤᠵᠤ ᠪᠠᠬᠠᠷᠬᠠᠬᠰᠠᠨ ᠤᠲᠤᠳ ᠲᠠᠢ ᠪᠠᠨ ᠠᠭᠤᠯᠵᠠᠨ ᠶᠠᠷᠢᠯᠴᠠᠬᠤ ᠶᠢ ᠬᠦᠰᠡᠲᠡᠭ ᠭᠡᠵᠡᠢ᠃

    ᠮᠡᠲᠡᠭᠡᠯᠡᠭᠰᠡᠨ ᠢᠶᠡᠷ᠂ ᠶᠠᠨ ᠼᠦᠢ ᠵᠤᠧᠠᠩ ᠬᠢᠲᠠᠳ ᠬᠡᠯᠡᠨ ᠤ ᠬᠢᠴᠢᠶᠠᠯ ᠤᠷᠤᠬᠤ ᠡᠴᠡ ᠭᠠᠲᠠᠨ᠎ᠠ ᠴᠠᠭᠠᠰᠤᠨ ᠰᠢᠪᠠᠭᠤ ᠨᠢᠰᠭᠡᠬᠦ᠂ ᠴᠠᠭᠠᠰᠤᠨ ᠬᠠᠶᠢᠴᠢᠯᠠᠮᠠᠯ᠂ ᠴᠠᠢ ᠶᠢᠨ ᠤᠷᠠᠯᠢᠭ ᠵᠡᠷᠭᠡ ᠶᠢ ᠰᠤᠨᠢᠷᠬᠠᠭᠤᠯᠬᠤ ᠪᠡᠷ ᠲᠤᠮᠲᠠᠲᠤ ᠶᠢᠨ ᠰᠤᠶᠤᠯ ᠢ ᠤᠶᠢᠯᠠᠭᠠᠭᠤᠯᠤᠨ᠎ᠠ᠃

ᠢᠷᠡᠯᠳᠡ᠄ ᠯᠠᠪᠯᠠᠯᠲᠠ ᠶᠢᠨ ᠮᠡᠲᠡᠭᠡ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121228246