蒙古文网站Logo
ᠰᠢᠨᠬᠤᠸᠠ ᠮᠤᠩᠭ᠋ᠤᠯ ᠨᠧᠲ

ᠸᠧᠨᠧᠽᠦ᠋ᠧᠯᠠ ᠶᠢᠨ ᠬᠠᠮᠤᠭ ᠤᠨ ᠲᠡᠭᠡᠳᠦ ᠰᠢᠬᠦᠬᠦ ᠶᠢᠨ ᠭᠠᠵᠠᠷ ᠲᠠᠭᠠᠷᠢᠯᠲᠠ ᠳ᠋ᠤ ᠤᠴᠠᠷᠠᠪᠠ

2017-06-28 16:55

    ᠰᠢᠨᠬᠤᠧᠠ ᠬᠤᠷᠢᠶ᠎ᠠ   ᠺᠠᠷᠠᠺᠠᠰ ᠤᠨ 6 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢ ᠸᠧᠨ ᠴᠢᠩ ) 27 ᠤ ᠦᠲᠡ ᠶᠢᠨ ᠬᠤᠶᠢᠨ᠎ᠠ ᠸᠧᠨᠧᠽᠦ᠋ᠧᠯᠠ ᠶᠢᠨ ᠨᠢᠭᠡ ᠴᠠᠭᠲᠠᠭ᠎ᠠ ᠡᠭᠴᠡ ᠪᠤᠰᠬᠤ ᠨᠢᠰᠬᠦ ᠤᠩᠭᠤᠴᠠ ᠵᠢᠯᠤᠭᠤᠲᠤᠨ᠂ ᠺᠠᠷᠠᠺᠠᠰ ᠬᠤᠲᠠ ᠲᠤᠭᠤᠷᠢᠭ ᠲᠤ ᠪᠠᠶᠢᠷᠢᠯᠠᠬᠤ ᠸᠧᠨᠧᠽᠦ᠋ᠧᠯᠠ ᠶᠢᠨ ᠬᠠᠮᠤᠭ ᠤᠨ ᠲᠡᠭᠡᠳᠦ ᠰᠢᠬᠦᠬᠦ ᠶᠢᠨ ᠭᠠᠵᠠᠷ ᠤᠨ ᠠᠰᠠᠷ ᠤᠷᠤᠭᠤ ᠫᠤᠤᠲᠠᠬᠤ ᠶᠢᠨ ᠬᠠᠮᠲᠤ ᠭᠠᠷᠨᠠᠳᠠ ᠬᠠᠶᠠᠪᠠ᠃ ᠡᠨᠡᠬᠦ ᠲᠠᠭᠠᠷᠢᠯᠲᠠ ᠳ᠋ᠤ ᠬᠦᠮᠦᠨ ᠬᠠᠷ᠎ᠠ ᠡᠨᠳᠡᠵᠦ ᠰᠢᠷᠬᠠᠲᠤᠭᠰᠠᠨ ᠦᠭᠡᠢ᠃

    ᠲᠤᠰ ᠰᠢᠬᠦᠬᠦ ᠶᠢᠨ ᠭᠠᠵᠠᠷ ᠤᠨ ᠬᠠᠪᠢ ᠲᠦᠰᠦᠷ ᠤᠨ ᠰᠠᠭᠤᠭᠠᠯᠢ ᠢᠷᠭᠡᠨ ᠤ ᠬᠡᠯᠡᠬᠦ ᠪᠡᠷ᠂ ᠫᠤᠤ ᠶᠢᠨ ᠲᠠᠭᠤᠨ ᠪᠠ ᠲᠡᠯᠪᠡᠷᠡᠯᠲᠡ ᠶᠢᠨ ᠲᠠᠭᠤᠨ ᠢ ᠰᠤᠨᠤᠰᠤᠭᠰᠠᠨ ᠭᠡᠵᠡᠢ᠃ ᠭᠡᠪᠡᠴᠦ ᠬᠡᠪᠯᠡᠯ ᠮᠡᠲᠡᠭᠡᠯᠡᠯ ᠤᠨ ᠬᠢᠨ ᠤ ᠮᠡᠲᠡᠭᠡᠯᠡᠭᠰᠡᠨ ᠢᠶᠡᠷ᠂ ᠭᠠᠷᠨᠠᠲᠠ ᠨᠢ ᠲᠡᠯᠪᠡᠷᠡᠭᠰᠡᠨ ᠦᠭᠡᠢ ᠭᠡᠪᠡ᠃ ᠡᠨᠡᠬᠦ ᠬᠡᠷᠡᠭ ᠦᠢᠯᠡᠲᠦᠭᠰᠡᠨ ᠴᠠᠭᠲᠠᠭ᠎ᠠ ᠲᠤᠩ ᠤᠲᠠᠭᠰᠠᠨ ᠦᠭᠡᠢ ᠢᠨᠲ᠋ᠧᠷᠨᠧᠲ ᠢᠶᠡᠷ ᠶᠡᠷᠦᠩᠬᠡᠶᠢᠯᠡᠭᠴᠢ ᠮᠠᠳ᠋ᠦ᠋ᠷᠣ᠋ ᠶᠢ ᠲᠤᠰᠢᠶᠠᠯ ᠡᠴᠡ ᠪᠠᠨ ᠪᠠᠭᠤᠬᠤ ᠶᠢ ᠱᠠᠭᠠᠷᠲᠠᠬᠤ ᠶᠢᠨ ᠬᠠᠮᠲᠤ ᠶᠠᠮᠠᠷ ᠴᠤ ᠤᠯᠤᠰ ᠲᠦᠷᠦ ᠶᠢᠨ ᠨᠠᠮ ᠪᠦᠯᠦᠭᠲᠡᠨ ᠤ ᠬᠢ ᠪᠢᠰᠢ ᠬᠡᠮᠡᠨ ᠬᠡᠯᠡᠪᠡ᠃

    ᠤᠲᠤᠬᠠᠨ ᠳ᠋ᠤ ᠸᠧᠨᠧᠽᠦ᠋ᠧᠯᠠ ᠶᠢᠨ ᠬᠢᠨ ᠠᠭᠠᠷ ᠤᠨ ᠰᠡᠷᠭᠡᠶᠢᠯᠡᠯᠲᠡ ᠶᠢᠨ ᠲᠦᠰᠦᠯ ᠢ ᠬᠡᠷᠡᠭᠵᠢᠬᠦᠯᠵᠦ ᠲᠤᠰᠬᠠᠢ ᠬᠦᠮᠦᠨ ᠲᠤᠮᠢᠯᠠᠨ ᠪᠠᠶᠢᠴᠠᠭᠠᠨ ᠬᠡᠷᠡᠭ ᠲᠤ ᠬᠤᠯᠪᠤᠭᠲᠠᠭᠰᠠᠨ ᠬᠦᠮᠦᠰ ᠢ ᠪᠠᠷᠢᠪᠴᠢᠯᠠᠬᠤ ᠪᠡᠷ ᠪᠤᠢ᠃

    ᠡᠨᠡ ᠤᠨ ᠤ 4 ᠰᠠᠷ᠎ᠠ ᠡᠴᠡ ᠨᠠᠭᠠᠰᠢ ᠮᠠᠳ᠋ᠦ᠋ᠷᠣ᠋ ᠶᠢᠨ ᠵᠠᠰᠠᠭ ᠤᠨ ᠭᠠᠵᠠᠷ ᠪᠤᠯᠤᠨ ᠡᠰᠡᠷᠭᠦᠴᠡᠭᠴᠢ ᠪᠦᠯᠦᠭᠲᠡᠨ ᠤ ᠬᠤᠭᠤᠷᠤᠨᠳᠤᠬᠢ ᠵᠦᠷᠢᠴᠡᠯ ᠮᠦᠷᠭᠦᠯᠲᠦᠭᠡᠨ ᠤᠯᠠᠮ ᠰᠢᠷᠦᠭᠦᠰᠴᠦ᠂ ᠤᠯᠤᠰ ᠤᠨ ᠲᠤᠲᠤᠭᠠᠲᠤ ᠶᠢᠨ ᠬᠠᠮᠤᠭ ᠤᠨ ᠦᠷᠭᠡᠨ ᠬᠡᠪᠴᠢᠶᠠᠨ ᠤ ᠵᠠᠰᠠᠭ ᠤᠨ ᠤᠷᠲᠤᠨ ᠢᠶᠡᠨ ᠡᠰᠡᠷᠭᠦᠴᠡᠬᠦ ᠰᠦᠷᠲᠦ ᠵᠢᠬᠰᠠᠭᠠᠯ ᠦᠷᠬᠦᠯᠵᠢᠯᠡᠵᠦ᠂ ᠤᠲᠤᠬᠠᠨ ᠪᠤᠯᠲᠠᠯ᠎ᠠ ᠰᠦᠷᠲᠦ ᠵᠢᠬᠰᠠᠭᠠᠯ ᠳ᠋ᠤ 76 ᠬᠦᠮᠦᠨ ᠠᠮᠢ ᠪᠠᠨ ᠠᠯᠲᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121228281