蒙古文网站Logo
ᠰᠢᠨᠬᠤᠸᠠ ᠮᠤᠩᠭ᠋ᠤᠯ ᠨᠧᠲ

ᠮᠤᠩᠭᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭᠤᠭᠤᠯᠢ ᠶᠢᠨ ᠬᠤᠶᠠᠲᠡᠬᠢ ᠰᠠᠨᠠᠯ ᠬᠤᠷᠢᠶᠠᠯᠲᠠ ᠶᠢ 7 ᠰᠠᠷ᠎ᠠ ᠶᠢᠨ 7 ᠤ ᠡᠲᠦᠷ ᠶᠠᠪᠤᠭᠲᠠᠭᠤᠯᠬᠤ ᠪᠡᠷ ᠪᠤᠯᠵᠠᠢ

2017-06-29 10:32

    ᠰᠢᠨᠬᠤᠧᠠ ᠬᠤᠷᠢᠶ᠎ᠠ   ᠤᠯᠠᠭᠠᠨᠪᠠᠭᠠᠲᠤᠷ ᠤᠨ 6 ᠰᠠᠷ᠎ᠠ ᠶᠢᠨ 28 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠠᠰᠬᠠᠨ ) 28 ᠤ ᠡᠲᠦᠷ᠂ ᠮᠤᠩᠭᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭᠤᠭᠤᠯᠢ ᠶᠢᠨ ᠬᠤᠷᠢᠶᠠᠨ ᠤ ᠲᠡᠷᠢᠬᠦᠯᠡᠭᠴᠢ ᠰᠤᠳᠨᠠᠮᠴᠡᠷᠢᠨ ᠤᠯᠤᠰ ᠲᠠᠶᠠᠭᠠᠷ ᠤᠨ ᠰᠤᠩᠭᠤᠭᠤᠯᠢ ᠶᠢᠨ ᠴᠢᠬ ᠤᠨ ᠮᠠᠰᠢᠨ ᠲᠦᠭᠦᠭᠡᠷᠦᠮᠵᠢ ᠶᠢᠨ ᠪᠡᠯᠡᠳᠭᠡᠯ ᠪᠠᠶᠢᠲᠠᠯ ᠪᠠ ᠮᠤᠩᠭᠤᠯ ᠤᠯᠤᠰ ᠤᠨ ᠠᠷᠠᠳᠴᠢᠯᠠᠭᠰᠠᠨ ᠨᠠᠮ ᠤᠨ ᠰᠠᠨᠠᠯ ᠵᠡᠷᠭᠡ ᠶᠢ ᠦᠨᠳᠦᠰᠦᠯᠡᠨ ᠶᠡᠷᠦᠩᠬᠡᠶᠢᠯᠡᠭᠴᠢ ᠶᠢᠨ ᠰᠤᠩᠭᠤᠭᠤᠯᠢ ᠶᠢᠨ ᠬᠤᠶᠠᠲᠡᠬᠢ ᠰᠠᠨᠠᠯ ᠬᠤᠷᠢᠶᠠᠯᠲᠠ ᠶᠢ 7 ᠰᠠᠷ᠎ᠠ ᠶᠢᠨ 7 ᠤ ᠡᠲᠦᠷ ᠶᠠᠪᠤᠭᠲᠠᠭᠤᠯᠬᠤ ᠪᠡᠷ ᠤᠷᠢᠳᠴᠢᠯᠠᠭᠰᠠᠨ ᠲᠤᠬᠠᠢ ᠤᠨᠴᠠᠯᠠᠵᠠᠢ᠃

    ᠮᠤᠩᠭᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭᠤᠭᠤᠯᠢ ᠶᠢᠨ ᠠᠩᠬᠠᠨ ᠤ ᠡᠭᠡᠯᠵᠢ ᠶᠢᠨ ᠰᠠᠨᠠᠯ ᠬᠤᠷᠢᠶᠠᠯᠲᠠ ᠡᠨᠡ ᠰᠠᠷ᠎ᠠ ᠶᠢᠨ 26 ᠤ ᠡᠲᠦᠷ ᠶᠠᠪᠤᠭᠲᠠᠵᠤ ᠦᠩᠭᠡᠷᠡᠪᠡ᠃ ᠠᠩᠬᠠᠨ ᠤ ᠡᠭᠡᠯᠵᠢ ᠶᠢᠨ ᠰᠠᠨᠠᠯ ᠬᠤᠷᠢᠶᠠᠯᠲᠠ ᠳ᠋ᠤ ᠭᠤᠷᠪᠠᠨ ᠨᠡᠷ᠎ᠡ ᠲᠡᠪᠰᠢᠭᠴᠢ ᠶᠢᠨ ᠰᠠᠨᠠᠯ ᠠᠪᠤᠬᠰᠠᠨ ᠨᠤᠷᠮ᠎ᠠ ᠨᠢ ᠴᠦᠮ 50 % ᠶᠢ ᠲᠠᠪᠠᠭᠰᠠᠨ ᠦᠭᠡᠢ ᠪᠤᠯᠬᠤᠷ ᠮᠤᠩᠭᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭᠤᠭᠤᠯᠢ ᠶᠢᠨ ᠬᠤᠷᠢᠶ᠎ᠠ ᠡᠴᠡ 7 ᠰᠠᠷ᠎ᠠ ᠶᠢᠨ 9 ᠤ ᠡᠲᠦᠷ ᠬᠤᠶᠠᠲᠡᠬᠢ ᠰᠠᠨᠠᠯ ᠬᠤᠷᠢᠶᠠᠯᠲᠠ ᠶᠠᠪᠤᠭᠤᠯᠬᠤ ᠪᠤᠯᠤᠨ᠎ᠠ ᠭᠡᠵᠦ 27 ᠤ ᠡᠲᠦᠷ ᠤᠨᠴᠠᠯᠠᠵᠠᠢ᠃

    ᠡᠨᠡᠬᠦ ᠰᠢᠢᠳᠦᠯ ᠨᠢ ᠡᠯ᠎ᠡ ᠡᠲᠡᠭᠡᠳ ᠤᠨ ᠬᠢᠨ ᠤ ᠵᠢᠮᠠᠯᠠᠯ ᠪᠤᠷᠤᠭᠤᠰᠢᠶᠠᠯ ᠢ ᠤᠯᠪᠠ᠃ ᠰᠠᠨᠠᠯ ᠬᠤᠷᠢᠶᠠᠬᠤ ᠡᠲᠦᠷ ᠨᠢ ᠲᠤᠩ ᠤᠲᠠᠬᠤ ᠦᠭᠡᠢ ᠪᠤᠯᠬᠤ 7 ᠰᠠᠷ᠎ᠠ ᠶᠢᠨ 11 ᠤ ᠡᠲᠦᠷ ᠤᠨ ᠮᠤᠩᠭᠤᠯ ᠤᠯᠤᠰ ᠤᠨ ᠤᠯᠤᠰ ᠤᠨ ᠪᠠᠶᠠᠷ ᠨᠠᠭᠠᠲᠤᠮ ᠤᠨ ᠨᠡᠬᠡᠬᠡᠯᠲᠡ ᠶᠢᠨ ᠠᠵᠢᠯᠯᠠᠭ᠎ᠠ ᠲᠠᠢ ᠤᠶᠢᠷᠬᠠᠨ ᠤᠴᠢᠷ ᠰᠤᠩᠭᠤᠭᠤᠯᠢ ᠶᠢᠨ ᠢᠷᠭᠡᠨ ᠤ ᠰᠠᠨᠠᠯ ᠦᠭ᠍᠍ᠬᠦᠯᠲᠡ ᠶᠢ ᠨᠦᠯᠦᠭᠡᠯᠡᠬᠦ ᠪᠤᠯᠤᠨ᠎ᠠ ᠭᠡᠵᠦ ᠰᠢᠬᠦᠮᠵᠢᠯᠡᠭᠴᠢᠳ ᠦᠵᠡᠨ᠎ᠡ᠃

    ᠮᠤᠩᠭᠤᠯ ᠤᠯᠤᠰ ᠤᠨ ᠬᠤᠯᠪᠤᠭᠳᠠᠯ ᠪᠦᠬᠦᠢ ᠬᠠᠤᠯᠢ ᠲᠤᠭᠲᠠᠭᠠᠮᠵᠢ ᠶᠢ ᠦᠨᠳᠤᠰᠤᠯᠠᠪᠠᠯ᠂ ᠶᠡᠷᠦᠩᠬᠡᠶᠢᠯᠡᠭᠴᠢ ᠶᠢᠨ ᠰᠤᠩᠭᠤᠭᠤᠯᠢ ᠶᠢᠨ ᠠᠩᠬᠠᠨ ᠤ ᠰᠠᠨᠠᠯ ᠬᠤᠷᠢᠶᠠᠯᠳᠠ ᠳᠤ ᠡᠮᠦᠨ᠎ᠠ ᠬᠤᠶᠠᠷ ᠪᠠᠶᠢᠷᠢ ᠳᠤ ᠵᠢᠬᠰᠠᠭᠠᠬᠳᠠᠭᠰᠠᠨ ᠨᠡᠷ᠎ᠠ ᠲᠡᠪᠰᠢᠭᠴᠢ ᠪᠠᠲᠤᠲᠤᠯᠭ᠎ᠠ ᠪᠤᠯᠤᠨ ᠡᠩᠬᠡᠪᠤᠯᠤᠳ ᠬᠤᠶᠠᠳᠡᠬᠢ ᠡᠬᠡᠯᠵᠢ ᠶᠢᠨ ᠰᠠᠨᠠᠯ ᠬᠤᠷᠢᠶᠠᠯᠳᠠ ᠳᠤ ᠦᠷᠢᠰᠦᠯᠳᠦᠨ᠎ᠠ᠃

    ᠮᠣᠩ᠋ᠭᠤᠯ ᠤᠯᠤᠰ ᠪᠤᠯ ᠫᠠᠷᠯᠠᠮᠧᠨ᠋ᠲ ᠤᠨ ᠵᠠᠰᠠᠭᠯᠠᠯᠳᠤ ᠤᠯᠤᠰ᠂ ᠶᠡᠷᠦᠩᠬᠡᠶᠢᠯᠡᠭᠴᠢ ᠨᠢ ᠲᠦᠷᠦ ᠶᠢᠨ ᠳᠡᠷᠢᠬᠦᠨ ᠪᠤᠯᠬᠤ ᠮᠦᠷᠲᠡᠬᠡᠨ ᠵᠡᠪᠰᠡᠭᠲᠤ ᠬᠦᠴᠦᠨ ᠤ ᠶᠡᠷᠦᠩᠬᠡᠢ ᠺᠤᠮᠠᠨᠳᠠᠯᠠᠬᠴᠢ ᠪᠤᠯᠬᠤ ᠶᠤᠮ᠃ ᠶᠡᠷᠦᠩᠬᠡᠶᠢᠯᠡᠭᠴᠢ ᠵᠢᠨ ᠳᠤᠰᠢᠶᠠᠯ ᠳᠤ ᠪᠠᠶᠢᠬᠤ ᠬᠤᠭᠤᠴᠠᠭ᠎ᠠ ᠨᠢ 4 ᠵᠢᠯ᠂ ᠠᠬᠢᠵᠤ ᠨᠢᠬᠡ ᠤᠳᠠᠭ᠎ᠠ ᠤᠯᠠᠷᠢᠵᠤ ᠰᠤᠩᠭ᠋ᠤᠭᠳᠠᠵᠤ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121232517