蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠤᠯᠤᠰ ᠤᠨ ᠶᠡᠷᠦᠩᠬᠡᠢ ᠰᠠᠶᠢᠳ ᠮᠤᠩᠭ᠋ᠤᠯ ᠤᠨ ᠡᠳ᠋ ᠤᠨ ᠵᠠᠰᠠᠭ ᠰᠡᠷᠬᠦᠨ ᠰᠠᠶᠢᠵᠢᠷᠠᠵᠤ ᠡᠬᠢᠯᠡᠯ᠎ᠡ ᠬᠡᠯ᠎ᠠ

2017-07-01 16:13

    ᠰᠢᠨᠬᠤᠸᠠ ᠬᠤᠷᠢᠶ᠎ᠠ ᠤᠯᠠᠭᠠᠨᠪᠠᠭᠠᠳᠤᠷ ᠤᠨ 7 ᠰᠠᠷ᠎ᠠ ᠶᠢᠨ 1 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠠᠰᠬᠠᠨ) ᠮᠤᠩᠭ᠋ᠤᠯ ᠤᠯᠤᠰ ᠤᠨ ᠶᠡᠷᠦᠩᠬᠡᠢ ᠰᠠᠶᠢᠳ ᠡᠷᠳᠡᠨᠢᠪᠠᠳᠤ ᠤᠶᠢᠷ᠎ᠠ ᠳᠤ᠂ ᠵᠠᠰᠠᠭ ᠤᠨ ᠭᠠᠵᠠᠷ ᠤᠨ ᠬᠡᠷᠡᠭᠵᠢᠬᠦᠯᠦᠭᠰᠡᠨ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠳᠤ ᠲᠦᠰᠢᠭᠯᠡᠨ ᠦᠨᠦ ᠵᠢᠯ ᠤᠨ ᠨᠢᠬᠡᠳᠤᠭᠡᠷ ᠤᠯᠠᠷᠢᠯ ᠳᠤ ᠤᠯᠠᠭᠠᠨᠪᠠᠭᠠᠳᠤᠷ ᠤᠨ ᠡᠳ᠋ ᠤᠨ ᠵᠠᠰᠠᠭ 4.2% ᠢᠶᠡᠷ ᠨᠡᠮᠡᠭᠳᠡᠵᠤ ᠰᠡᠷᠬᠦᠨ ᠰᠠᠶᠢᠵᠢᠷᠠᠵᠤ ᠡᠬᠢᠯᠡᠯ᠎ᠡ ᠬᠡᠵᠡᠢ᠃

    ᠡᠷᠳᠡᠨᠢᠪᠠᠳᠤ 6 ᠰᠠᠷ᠎ᠠ ᠶᠢᠨ 30 ᠤ ᠡᠳᠤᠷ ᠤᠨ ᠤᠯᠤᠰ ᠤᠨ ᠶᠡᠬᠡ ᠬᠤᠷᠠᠯ ᠤᠨ ᠡᠬᠡᠯᠵᠢᠳᠤ ᠬᠤᠷᠠᠯ ᠳᠤ ᠤᠶᠢᠷ᠎ᠠ ᠶᠢᠨ ᠬᠤᠭᠤᠴᠠᠭᠠᠨ ᠤ ᠲᠤᠭᠳᠠᠪᠤᠷᠢᠲᠠᠢ ᠡᠳ᠋ ᠤᠨ ᠵᠠᠰᠠᠭ ᠤᠨ ᠠᠩᠬᠠᠨ ᠤ ᠦᠷ᠎ᠡ ᠪᠦᠲᠦᠭᠡᠯ ᠤᠨ ᠲᠤᠬᠠᠢ ᠮᠡᠳᠡᠬᠦᠯᠦᠯᠳᠡ ᠬᠢᠵᠡᠢ᠃ ᠲᠡᠷᠡᠪᠡᠷ᠂ ᠵᠠᠰᠠᠭ ᠤᠨ ᠭᠠᠵᠠᠷ ᠭᠠᠳᠠᠭᠠᠳᠤ ᠭᠤᠪᠢᠭᠤᠯᠤᠯᠭ᠎ᠠ ᠶᠢᠨ ᠨᠦᠭᠡᠴᠡ ᠶᠢ ᠨᠡᠮᠡᠭᠳᠡᠬᠦᠯᠬᠦ᠂ ᠰᠠᠩᠬᠦᠦ ᠡᠳ᠋ ᠤᠨ ᠵᠠᠰᠠᠭ ᠤᠨ ᠲᠦᠷᠢᠮ ᠢ ᠴᠢᠩᠭ᠋᠎ᠠ ᠪᠠᠷᠢᠮᠳᠠᠯᠠᠬᠤ᠂ ᠬᠦᠷᠦᠩᠬᠡ ᠤᠷᠤᠭᠤᠯᠬᠤ ᠢᠳᠡᠬᠡᠯ ᠢ ᠨᠡᠮᠡᠭᠳᠡᠬᠦᠯᠬᠦ ᠵᠡᠷᠬᠡ ᠴᠤᠪᠤᠷᠠᠯ ᠠᠷᠭ᠎ᠠ ᠬᠡᠮᠵᠢᠶ᠎ᠡ ᠠᠪᠤᠭᠰᠠᠨ ᠢᠶᠡᠷ ᠮᠤᠩᠭ᠋ᠤᠯ ᠤᠯᠤᠰ ᠤᠨ ᠲᠦᠭᠦᠷᠢᠭ᠌ ᠪᠤᠯᠤᠨ ᠳ᠋ᠤᠯᠯᠠᠷ ᠤᠨ ᠬᠤᠭᠤᠷᠤᠨᠳᠡᠬᠢ ᠸᠠᠯᠶᠦ᠋ᠲ ᠤᠨ ᠬᠠᠩᠰᠢ ᠶᠢ ᠲᠤᠭᠳᠠᠭᠤᠨ ᠢᠶᠡᠷ ᠦᠰᠬᠡᠵᠤ᠂ ᠲᠦᠭᠦᠷᠢᠭ᠌ ᠤᠨ ᠦᠷᠳᠡᠭ ᠢ ᠲᠡᠭᠡᠭ᠍ᠰᠢᠯᠡᠬᠦᠯᠵᠤ ᠭᠠᠳᠠᠭᠠᠳᠤ ᠶᠢᠨ ᠬᠦᠷᠦᠩᠬᠡ ᠤᠷᠤᠭᠤᠯᠤᠯᠤᠳᠠ ᠶᠢ ᠡᠬᠢᠯᠡᠨ ᠰᠡᠷᠬᠦᠬᠡᠯ᠎ᠡ ᠬᠡᠵᠡᠢ᠃

    ᠡᠷᠳᠡᠨᠢᠪᠠᠳᠤ᠂ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠦᠷ᠎ᠡ ᠳ᠋ᠦᠩ ᠶᠠᠭ ᠰᠡᠷᠬᠦᠨ ᠰᠠᠶᠢᠵᠢᠷᠠᠵᠤ ᠪᠠᠶᠢᠭ᠎ᠠ ᠮᠤᠩᠭ᠋ᠤᠯ ᠤᠯᠤᠰ ᠤᠨ ᠡᠳ᠋ ᠤᠨ ᠵᠠᠰᠠᠭ ᠢ ᠨᠦᠯᠦᠬᠡᠯᠡᠬᠦ ᠪᠤᠯᠤᠮᠵᠢ ᠲᠠᠢ᠃ ᠮᠤᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠠᠩᠬᠠᠨ ᠤ ᠡᠬᠡᠯᠵᠢ ᠶᠢᠨ ᠰᠠᠨᠠᠯ ᠬᠤᠷᠢᠶᠠᠯᠳᠠ 6 ᠰᠠᠷ᠎ᠠ ᠶᠢᠨ 26 ᠤ ᠡᠳᠤᠷ ᠶᠠᠪᠤᠭᠳᠠᠭᠰᠠᠨ᠂ ᠬᠤᠶᠠᠳᠠᠬᠢ ᠡᠬᠡᠯᠵᠢ ᠶᠢᠨ ᠰᠠᠨᠠᠯ ᠬᠤᠷᠢᠶᠠᠯᠳᠠ 7 ᠰᠠᠷ᠎ᠠ ᠳᠤ ᠶᠠᠪᠤᠭᠳᠠᠨ᠎ᠠ ᠬᠡᠪᠡ᠃

    ᠮᠤᠩᠭ᠋ᠤᠯ ᠤᠯᠤᠰ ᠤᠨ ᠡᠳ᠋ ᠤᠨ ᠵᠠᠰᠠᠭ 2008 ᠤᠨ ᠡᠴᠡ 2011 ᠤᠨ ᠪᠤᠯᠳᠠᠯ᠎ᠠ ᠰᠢᠷᠦᠬᠦᠨ ᠨᠡᠮᠡᠭᠳᠡᠵᠤ ᠪᠠᠶᠢᠭᠰᠠᠨ ᠢᠶᠡᠨ 2012 ᠤᠨ ᠡᠴᠡ ᠡᠬᠢᠯᠡᠨ ᠶᠡᠬᠡ ᠬᠡᠮᠵᠢᠶ᠎ᠡ ᠪᠡᠷ ᠪᠠᠭᠤᠷᠠᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121246881