蒙古文网站Logo
ᠰᠢᠨᠬᠤᠸᠠ ᠮᠤᠩᠭ᠋ᠤᠯ ᠨᠧᠲ

ᠮᠤᠰᠦ᠋ᠯ ᠢ ᠴᠢᠯᠦᠭᠡᠯᠡᠭᠰᠡᠨ ᠭᠡᠵᠦ ᠢᠷᠠᠺ ᠤᠨ ᠶᠡᠷᠦᠩᠬᠡᠢ ᠰᠠᠶᠢᠳ ᠤᠨᠴᠠᠯᠠᠪᠠ

2017-07-10 11:42

    ᠰᠢᠨᠬᠤᠧᠠ ᠬᠤᠷᠢᠶ᠎ᠠ   ᠪᠠᠭᠳᠠᠳ᠋ ᠤᠨ 7 ᠰᠠᠷ᠎ᠠ ᠶᠢᠨ 9 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠧᠢ ᠢᠦᠢ ᠳ᠋ᠦᠩ ) ᠢᠷᠠᠺ ᠤᠨ ᠶᠡᠷᠦᠩᠬᠡᠶ ᠰᠠᠶᠢᠳ ᠪᠦᠭᠡᠳ ᠢᠷᠠᠺ ᠤᠨ ᠵᠡᠪᠰᠡᠭᠲᠦ ᠬᠦᠴᠦᠨ ᠤ ᠶᠡᠷᠦᠩᠬᠡᠢ ᠺᠤᠮᠠᠨᠳ᠋᠌ᠯᠠᠭᠴᠢ 9 ᠤ ᠡᠲᠦᠷ ᠤᠨᠴᠠᠯᠠᠬᠤ ᠳ᠋ᠠᠭᠠᠨ᠂ ᠵᠠᠰᠠᠭ ᠤᠨ ᠭᠠᠵᠠᠷ ᠤᠨ ᠴᠡᠷᠢᠭ ᠮᠤᠰᠦ᠋ᠯ ᠢ ᠡᠭᠡᠬᠦᠯᠦᠨ ᠠᠪᠬᠤ ᠲᠠᠶᠢᠯᠠᠯᠲᠤᠭᠠᠨ ᠳ᠋ᠦ ᠢᠯᠡᠯᠲᠡ ᠤᠯᠪᠠ ᠭᠡᠵᠡᠢ᠃

    ᠮᠤᠰᠦ᠋ᠯ ᠪᠤᠯ ᠢᠷᠠᠺ ᠤᠨ ᠬᠤᠶᠠᠲᠤᠭᠠᠷ ᠲᠤᠮᠤ ᠬᠤᠲᠠ᠂ ᠨᠡᠶᠢᠰᠯᠡᠯ ᠪᠠᠭᠳᠠᠳ᠋ ᠡᠴᠡ 400 ᠺᠢᠯᠤᠮᠧᠲ᠋ᠷ ᠵᠠᠶᠢᠲᠠᠢ᠂ 2014 ᠤᠨ ᠤ 6 ᠰᠠᠷ᠎ᠠ ᠳ᠋ᠤ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ 《ᠢᠰᠯᠠᠮ ᠤᠨ ᠤᠯᠤᠰ》 ᠲᠤ ᠡᠵᠡᠯᠡᠭᠲᠡᠨ ᠲᠤᠰ ᠵᠤᠬᠢᠶᠠᠨ ᠪᠠᠶᠢᠭᠤᠯᠤᠯᠲᠠ ᠶᠢᠨ ᠢᠷᠠᠺ ᠤᠨ ᠬᠢᠯᠢ ᠳ᠋ᠡᠬᠢ ᠬᠠᠮᠤᠭ ᠤᠨ ᠲᠤᠮᠤ ᠬᠤᠧᠠᠷᠠᠨ ᠪᠦᠭᠡᠳ ᠵᠢᠯᠤᠭᠤᠳᠬᠤ ᠪᠠᠯᠴᠢᠷ ᠪᠤᠯᠪᠠ᠃ 2016 ᠤᠨ ᠤ 10 ᠰᠠᠷ᠎ᠠ ᠳ᠋ᠤ ᠢᠷᠠᠺ ᠤᠨ ᠵᠠᠰᠠᠭ ᠤᠨ ᠭᠠᠵᠠᠷ ᠤᠨ ᠴᠡᠷᠢᠭ ᠮᠤᠰᠦ᠋ᠯ ᠢ ᠡᠬᠡᠬᠦᠯᠦᠨ ᠠᠪᠬᠤ ᠪᠡᠷ ᠴᠡᠷᠢᠭ ᠤᠨ ᠶᠠᠪᠤᠲᠠᠯ ᠤᠨ ᠠᠵᠢᠯᠯᠠᠭ᠎ᠠ ᠶᠠᠪᠤᠭᠤᠯᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121293630