蒙古文网站Logo
ᠰᠢᠨᠬᠤᠸᠠ ᠮᠤᠩᠭ᠋ᠤᠯ ᠨᠧᠲ

ᠮᠤᠩᠭᠤᠯ ᠤᠯᠤᠰ ᠤᠨ ᠶᠡᠷᠦᠩᠬᠡᠶᠢᠯᠡᠭᠴᠢ ᠪᠠᠳᠤᠳᠤᠯᠭ᠎ᠠ ᠲᠠᠩᠭ᠋ᠠᠷᠢᠭ ᠡᠷᠬᠦᠨ ᠲᠤᠰᠢᠶᠠᠯ ᠳᠤ  ᠭᠠᠷᠪᠠ

2017-07-10 18:05

    ᠰᠢᠨᠬᠤᠸᠠ ᠬᠤᠷᠢᠶ᠎ᠠ ᠤᠯᠠᠭᠠᠨᠪᠠᠭᠠᠳᠤᠷ ᠤᠨ 7 ᠰᠠᠷ᠎ᠠ ᠶᠢᠨ 10 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠠᠰᠬᠠᠨ) ᠮᠤᠩᠭᠤᠯ ᠤᠯᠤᠰ ᠤᠨ ᠰᠢᠨ᠎ᠡ ᠨᠢᠬᠡ ᠡᠬᠡᠯᠵᠢ ᠶᠢᠨ ᠶᠡᠷᠦᠩᠬᠡᠶᠢᠯᠡᠭᠴᠢ ᠪᠠᠳᠤᠳᠤᠯᠭ᠎ᠠ 10 ᠤ ᠡᠳᠤᠷ ᠨᠡᠶᠢᠰᠯᠡᠯ ᠤᠯᠠᠭᠠᠨᠪᠠᠭᠠᠳᠤᠷ ᠤᠨ ᠲᠦᠷᠦ ᠶᠢᠨ ᠤᠷᠳᠤᠨ ᠤ ᠶᠡᠬᠡ ᠲᠠᠩᠬᠢᠮ ᠳᠤ ᠲᠠᠩᠭ᠋ᠠᠷᠢᠭ ᠡᠷᠬᠦᠨ ᠲᠤᠰᠢᠶᠠᠯ ᠳᠤ ᠭᠠᠷᠪᠠ᠃

    ᠮᠤᠩᠭᠤᠯ ᠤᠯᠤᠰ ᠤᠨ ᠤᠯᠤᠰ ᠤᠨ ᠶᠡᠬᠡ ᠬᠤᠷᠠᠯ ᠤᠨ ᠲᠠᠷᠤᠭ᠎ᠠ ᠲᠠᠩᠭ᠋ᠠᠷᠢᠭ ᠡᠷᠬᠦᠬᠦ ᠶᠤᠰᠤᠯᠠᠯ ᠢ ᠡᠷᠬᠢᠯᠡᠵᠡᠢ᠃ ᠪᠠᠳᠤᠳᠤᠯᠭ᠎ᠠ ᠮᠤᠩᠭᠤᠯ ᠤᠯᠤᠰ ᠤᠨ ᠦᠨᠳᠦᠰᠤᠨ ᠬᠠᠤᠯᠢ ᠲᠡᠭᠡᠷ᠎ᠡ ᠭᠠᠷ ᠢᠶᠡᠨ ᠲᠠᠯᠪᠢᠵᠤ ᠲᠠᠩᠭᠠᠷᠢᠭᠯᠠᠭᠰᠠᠨ ᠤ ᠲᠠᠷᠠᠭ᠎ᠠ ᠶᠡᠷᠦᠩᠬᠡᠶᠢᠯᠡᠭᠴᠢ ᠠᠭᠰᠠᠨ ᠡᠯᠪᠡᠭ᠍ᠳᠤᠷᠵᠢ ᠡᠴᠡ ᠲᠦᠷᠦ ᠶᠢᠨ ᠲᠠᠮᠠᠭ᠎ᠠ ᠪᠠᠨ ᠭᠠᠷᠳᠠᠨ ᠠᠪᠴᠤ ᠶᠠᠷᠢᠶ᠎ᠠ ᠲᠠᠯᠪᠢᠬᠰᠠᠨ ᠪᠠᠶᠢᠨ᠎ᠠ᠃

    ᠪᠠᠳᠤᠳᠤᠯᠭ᠎ᠠ᠂ ᠦᠬᠡᠶᠢᠬᠦᠦ ᠶᠠᠳᠠᠭᠤ ᠪᠠ ᠠᠵᠢᠯ ᠦᠬᠡᠶᠢᠳᠡᠯ ᠮᠣᠩᠭᠤᠯ ᠤᠯᠤᠰ ᠤᠨ ᠠᠶᠦᠯᠬᠦᠢ ᠶᠢ ᠬᠦᠨᠳᠤ ᠨᠣᠴᠢᠲᠠᠢ ᠨᠦᠯᠦᠭᠡᠯᠡᠵᠤ ᠪᠤᠢ ᠬᠡᠯ᠎ᠠ᠃ ᠲᠡᠷᠡᠪᠡᠷ ᠤᠯᠤᠰ ᠤᠨ ᠶᠡᠬᠡ ᠬᠤᠷᠠᠯ ᠲᠠᠢ ᠰᠡᠳᠬᠢᠯ ᠨᠢᠬᠡᠳᠤᠨ ᠢᠷᠭᠡᠳ ᠢ ᠠᠯᠢ ᠬᠤᠷᠳᠤᠨ ᠢᠶᠡᠷ ᠶᠠᠳᠠᠭᠤ ᠡᠴᠡ ᠠᠩᠬᠢᠵᠢᠷᠠᠭᠤᠯᠵᠤ᠂ ᠳᠡᠳᠡᠨᠡᠷ ᠢ ᠠᠵᠢᠯ ᠦᠭᠡᠶᠢᠳᠡᠯ ᠡᠴᠡ ᠠᠪᠤᠷᠠᠬᠤ ᠶᠢᠨ ᠵᠡᠷᠭᠡᠴᠡᠭᠡ ᠬᠠᠤᠯᠢ ᠴᠠᠭᠠᠵᠠ ᠶᠢ ᠪᠠᠰᠤᠮᠵᠢᠯᠠᠬᠰᠠᠨ ᠠᠯᠢᠪᠠ ᠠᠵᠢᠯᠯᠠᠭ᠎ᠠ ᠶᠢ ᠡᠷᠡᠰ ᠴᠠᠭᠠᠵᠠᠯᠠᠨ᠎ᠠ ᠬᠡᠵᠤ ᠢᠯᠡᠷᠭᠡᠶᠢᠯᠡᠪᠡ᠃

    ᠲᠡᠷᠡᠪᠡᠷ ᠪᠠᠰᠠ᠂ ᠮᠣᠩ᠋ᠭᠤᠯ ᠤᠯᠤᠰ ᠬᠤᠶᠠᠷ ᠶᠡᠬᠡ ᠡᠬᠦᠷᠢᠲᠠ ᠶᠢᠨ ᠬᠦᠷᠰᠢ ᠤᠯᠤᠰ - ᠳᠤᠮᠳᠠᠳᠤ ᠤᠯᠤᠰ ᠪᠤᠯᠤᠨ ᠤᠷᠤᠰ ᠲᠠᠢ ᠨᠦᠬᠦᠷᠰᠡᠭ ᠬᠠᠷᠢᠯᠴᠠᠭ᠎ᠠ ᠪᠠᠨ ᠪᠦᠬᠦ ᠲᠠᠯ᠎ᠠ ᠪᠡᠷ ᠬᠦᠭ᠍ᠵᠢᠬᠦᠯᠦᠨ᠎ᠠ ᠬᠡᠵᠡᠢ᠃

    ᠮᠤᠩᠭᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭᠤᠭᠤᠯᠢ ᠶᠢᠨ ᠬᠤᠷᠢᠶᠠᠨ ᠡᠴᠡ 7 ᠰᠠᠷ᠎ᠠ ᠶᠢᠨ 8 ᠤ ᠡᠳᠤᠷ ᠵᠠᠷᠯᠠᠭᠰᠠᠨ ᠡᠴᠦᠰ ᠤᠨ ᠳ᠋ᠦᠩ ᠢ ᠦᠨᠳᠦᠰᠦᠯᠡᠪᠡᠯ᠂ ᠠᠷᠠᠳᠴᠢᠯᠠᠭᠰᠠᠨ ᠨᠠᠮ ᠡᠴᠡ ᠨᠡᠷ᠎ᠡ ᠲᠡᠪᠰᠢᠭᠴᠢ ᠪᠠᠳᠤᠳᠤᠯᠭ᠎ᠠ 7 ᠰᠠᠷ᠎ᠠ ᠶᠢᠨ 7 ᠤ ᠡᠳᠤᠷ ᠤᠨ ᠶᠡᠷᠦᠩᠬᠡᠶᠢᠯᠡᠭᠴᠢ ᠶᠢᠨ ᠰᠤᠩᠭᠤᠭᠤᠯᠢ ᠶᠢᠨ ᠬᠤᠶᠠᠳᠠᠬᠢ ᠡᠬᠡᠯᠵᠢ ᠶᠢᠨ ᠰᠠᠨᠠᠯ ᠬᠤᠷᠢᠶᠠᠯᠳᠠ ᠳᠤ ᠢᠯᠡᠷᠬᠡᠢ ᠲᠠᠪᠠᠭᠤ ᠪᠠᠶᠢᠷᠢᠨ ᠳᠤ ᠲᠤᠳᠤᠷᠠᠭᠰᠠᠨ ᠢᠶᠡᠷ ᠢᠯᠠᠪᠠ᠃ ᠲᠡᠷᠡᠪᠡᠷ ᠰᠤᠩᠭᠤᠭᠤᠯᠢ ᠳᠤ ᠦᠷᠢᠰᠦᠯᠳᠦᠬᠦ ᠬᠦᠳᠦᠯᠪᠦᠷᠢ ᠳᠤ ᠪᠠᠨ ᠤᠯᠤᠰ ᠤᠨ ᠡᠳ᠋ ᠤᠨ ᠵᠠᠰᠠᠭ ᠢ ᠰᠡᠷᠬᠦᠬᠡᠬᠦ ᠤᠷᠢᠶ᠎ᠠ ᠪᠡᠷ ᠤᠯᠠᠩᠬᠢ ᠰᠤᠩᠭᠤᠭᠴᠢᠳ ᠤᠨ ᠲᠡᠮᠵᠢᠯᠬᠡ ᠶᠢ ᠤᠯᠤᠭᠰᠠᠨ ᠪᠠᠶᠢᠨ᠎ᠠ᠃

    ᠮᠣᠩ᠋ᠭᠤᠯ ᠤᠯᠤᠰ ᠪᠤᠯ ᠫᠠᠷᠯᠠᠮᠧᠨ᠋ᠲ ᠤᠨ ᠵᠠᠰᠠᠭᠯᠠᠯᠳᠤ ᠤᠯᠤᠰ᠂ ᠶᠡᠷᠦᠩᠬᠡᠶᠢᠯᠡᠭᠴᠢ ᠨᠢ ᠲᠦᠷᠦ ᠶᠢᠨ ᠳᠡᠷᠢᠬᠦᠨ ᠪᠤᠯᠬᠤ ᠮᠦᠷᠲᠡᠬᠡᠨ ᠵᠡᠪᠰᠡᠭᠲᠤ ᠬᠦᠴᠦᠨ ᠤ ᠶᠡᠷᠦᠩᠬᠡᠢ ᠺᠤᠮᠠᠨᠳᠠᠯᠠᠬᠴᠢ ᠪᠤᠯᠬᠤ ᠶᠤᠮ᠃ ᠶᠡᠷᠦᠩᠬᠡᠶᠢᠯᠡᠭᠴᠢ ᠵᠢᠨ ᠳᠤᠰᠢᠶᠠᠯ ᠳᠤ ᠪᠠᠶᠢᠬᠤ ᠬᠤᠭᠤᠴᠠᠭ᠎ᠠ ᠨᠢ 4 ᠵᠢᠯ᠂ ᠠᠬᠢᠵᠤ ᠨᠢᠬᠡ ᠤᠳᠠᠭ᠎ᠠ ᠤᠯᠠᠷᠢᠵᠤ ᠰᠤᠩᠭᠤᠭᠳᠠᠵᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121295580