蒙古文网站Logo
ᠰᠢᠨᠬᠤᠸᠠ ᠮᠤᠩᠭ᠋ᠤᠯ ᠨᠧᠲ

ᠮᠣᠩᠭ᠋ᠤᠯ ᠤᠯᠤᠰ ᠤᠨ ᠦᠨᠳᠦᠰᠤᠨ ᠤ ᠪᠠᠶᠠᠷ ᠨᠠᠭᠠᠳᠤᠮ ᠤᠯᠠᠭᠠᠨᠪᠠᠭᠠᠲᠤᠷ ᠲᠤ ᠦᠪᠡᠳᠡᠭᠰᠢ ᠶᠡᠬᠡ ᠪᠡᠷ ᠨᠡᠬᠡᠬᠡᠯᠲᠠ ᠪᠠᠨ ᠬᠢᠯ᠎ᠠ

2017-07-12 16:27

    ᠰᠢᠨᠬᠤᠧᠠ ᠬᠤᠷᠢᠶ᠎ᠠ ᠤᠯᠠᠭᠠᠨᠪᠠᠭᠠᠲᠤᠷ ᠤᠨ 7 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠠᠰᠬᠠᠨ) ᠮᠣᠩᠭ᠋ᠤᠯ ᠤᠯᠤᠰ ᠤᠨ ᠦᠨᠳᠦᠰᠤᠨ ᠤ ᠪᠠᠶᠠᠷ ᠨᠠᠭᠠᠳᠤᠮ ᠵᠢᠴᠢ ᠮᠣᠩᠭ᠋ᠤᠯ ᠠᠷᠠᠳ ᠤᠨ ᠬᠤᠪᠢᠰᠬᠠᠯ ᠢᠯᠡᠯᠲᠠ ᠤᠯᠤᠭᠰᠠᠨ 96 ᠵᠢᠯ ᠤᠨ ᠤᠢ ᠶᠢ ᠪᠡᠯᠬᠡᠯᠡᠬᠦ ᠤᠯᠠᠮᠵᠢᠯᠠᠯᠲᠤ ᠨᠠᠭᠠᠳᠤᠮ 11 ᠤ ᠡᠳᠦᠷ ᠤᠯᠠᠭᠠᠨᠪᠠᠭᠠᠲᠤᠷ ᠤᠨ ᠲᠦᠪ ᠴᠡᠩᠬᠡᠯᠳᠦᠬᠦ ᠬᠦᠷᠢᠶᠡᠯᠡᠩ ᠳᠤ ᠦᠪᠡᠳᠡᠭᠰᠢ ᠶᠡᠬᠡ ᠪᠡᠷ ᠶᠠᠪᠤᠭᠳᠠᠯ᠎ᠠ᠃ ᠮᠣᠩ᠋ᠭᠤᠯ ᠤᠯᠤᠰ ᠤᠨ ᠶᠡᠷᠦᠩᠬᠡᠶᠢᠯᠡᠭᠴᠢ ᠬ • ᠪᠠᠲᠤᠲᠤᠯᠭ᠎ᠠ ᠨᠡᠬᠡᠬᠡᠯᠲᠠ ᠶᠢᠨ ᠶᠤᠰᠤᠯᠠᠯ ᠳᠤ ᠤᠷᠤᠯᠴᠠᠬᠤ ᠶᠢᠨ ᠳᠠᠭᠠᠤ ᠶᠡᠷᠢᠶ᠎ᠠ ᠲᠠᠯᠪᠢᠪᠠ᠃

    ᠪᠠᠲᠤᠲᠤᠯᠭ᠎ᠠ᠂ ᠨᠠᠭᠠᠳᠤᠮ ᠪᠤᠯ ᠮᠣᠩᠭ᠋ᠤᠯ ᠦᠨᠳᠦᠰᠦᠲᠠᠨ ᠤ ᠤᠮᠤᠬᠰᠢᠭᠤᠰᠢᠲᠠᠢ ᠰᠤᠶᠤᠯ ᠤᠨ ᠦᠪ ᠮᠦᠨ ᠬᠡᠵᠤ ᠢᠯᠡᠷᠬᠡᠶᠢᠯᠡᠬᠦ ᠶᠢᠨ ᠵᠡᠷᠭᠡᠴᠡᠭᠡ ᠢᠷᠭᠡᠳ ᠤᠨ  ᠪᠦᠬᠡ ᠶᠢᠨ ᠲᠡᠮᠡᠴᠡᠭᠡᠨ᠂ ᠮᠤᠷᠢ ᠤᠷᠤᠯᠳᠤᠬᠤ᠂ ᠰᠤᠷ ᠬᠠᠷᠪᠤᠬᠤ ᠵᠡᠷᠭᠡ ᠡᠯ᠎ᠠ ᠲᠦᠷᠦᠯ ᠤᠨ ᠲᠡᠮᠡᠴᠡᠭᠡᠨ ᠳᠤ ᠰᠢᠯᠢᠳᠡᠭ ᠬᠢᠷᠢ ᠪᠦᠲᠦᠮᠵᠢ ᠤᠯᠵᠤ᠂ ᠰᠫᠤᠷᠲ ᠤᠨ ᠶᠡᠬᠡ ᠴᠠᠭ ᠦᠶ᠎ᠠ ᠬᠦᠷᠦᠨ ᠢᠷᠡᠬᠦ ᠳᠤ ᠪᠡᠯᠡᠳᠬᠡᠯ ᠬᠢᠬᠦ ᠶᠢ ᠬᠦᠰᠡᠵᠡᠢ᠃

    ᠭᠤᠷᠪᠠᠨ ᠡᠳᠦᠷ ᠶᠠᠪᠤᠭᠳᠠᠬᠤ ᠨᠠᠭᠠᠳᠤᠮ ᠤᠨ ᠴᠤᠭᠯᠠᠭᠠᠨ ᠤ ᠬᠤᠭᠤᠴᠠᠭᠠᠨ ᠳᠤ᠂ ᠮᠣᠩ᠋ᠭᠤᠯ ᠤᠯᠤᠰ ᠤᠨ ᠡᠯ᠎ᠠ ᠪᠦᠰᠡ ᠨᠤᠲᠤᠭ ᠡᠴᠡ ᠢᠷᠡᠭᠰᠨᠨ 512 ᠪᠦᠬᠡ ᠪᠤᠯᠤᠨ ᠠᠳᠠᠯᠢ ᠪᠤᠰᠤ ᠨᠠᠰᠤᠨ ᠤ ᠬᠡᠳᠤᠨ ᠵᠠᠭᠤᠨ ᠠᠵᠢᠨᠠᠢ ᠬᠦᠯᠦᠭ ᠬᠢᠬᠡᠳ ᠰᠤᠷ ᠬᠠᠷᠪᠤᠭᠠᠴᠢ ᠦᠷᠢᠰᠦᠯᠳᠦᠨ ᠲᠠᠮᠡᠴᠡᠬᠦ ᠪᠤᠯᠤᠨ᠎ᠠ᠃ ᠨᠠᠭᠠᠳᠤᠮ᠂ ᠮᠣᠩᠭ᠋ᠤᠯ ᠬᠡᠯᠡᠨ ᠳᠤ ᠲᠤᠭᠯᠠᠭᠠᠮ᠂ ᠵᠤᠭ᠎ᠠ ᠪᠤᠶᠤ ᠨᠠᠭᠠᠳᠬᠤ ᠬᠡᠬᠦ ᠤᠳᠬ᠎ᠠ ᠲᠠᠢ᠂ ᠪᠠᠰᠠ 《ᠡᠷ᠎ᠠ ᠶᠢᠨ ᠭᠤᠷᠪᠠᠨ ᠨᠠᠭᠠᠳᠤᠮ》ᠬᠡᠮᠡᠨ ᠨᠡᠷᠡᠶᠢᠳᠴᠤ ᠮᠣᠷᠢ ᠤᠷᠤᠯᠳᠤᠬᠤ᠂ ᠰᠤᠷ ᠬᠠᠷᠪᠤᠬᠤ᠂ ᠪᠦᠬᠡ ᠶᠢᠨ ᠲᠡᠮᠡᠴᠡᠭᠡᠨ ᠵᠡᠷᠭᠡ ᠶᠢ ᠪᠠᠭᠳᠠᠭᠠᠳᠠᠭ᠃ ᠭᠤᠷᠪᠠᠨ ᠲᠦᠷᠦᠯ ᠤᠨ ᠲᠡᠮᠡᠴᠡᠭᠡᠨ ᠳᠤ ᠰᠢᠯᠢᠳᠡᠭ ᠬᠢᠷᠢ ᠪᠦᠲᠦᠮᠵᠢ ᠤᠯᠤᠭᠰᠠᠨ ᠪᠦᠬᠡ᠂ ᠤᠨᠤᠭᠠᠴᠢ ᠪᠤᠯᠤᠨ ᠬᠠᠷᠪᠤᠭᠠᠴᠢ ᠮᠣᠩ᠋ᠭᠤᠯ ᠤᠯᠤᠰ ᠲᠤ ᠮᠠᠰᠢ ᠦᠨᠳᠦᠷ ᠢᠷᠡᠭᠤ ᠠᠯᠳᠠᠷ ᠪᠠ ᠪᠠᠶᠢᠷᠢ ᠰᠠᠭᠤᠷᠢ ᠲᠠᠢ ᠪᠠᠶᠢᠳᠠᠭ᠃

    ᠮᠣᠩᠭ᠋ᠤᠯ ᠠᠷᠠᠳ ᠤᠨ ᠬᠤᠪᠢᠰᠬᠠᠯ 1921 ᠤᠨ ᠳᠤ ᠢᠯᠡᠯᠲᠠ ᠤᠯᠵᠤ᠂ ᠲᠡᠬᠦᠨ ᠡᠴᠡ ᠬᠤᠶᠢᠰᠢ ᠮᠣᠩ᠋ᠭᠤᠯ ᠤᠯᠤᠰ  ᠵᠢᠯ ᠪᠤᠯᠭᠠᠨ ᠤ 7 ᠰᠠᠷ᠎ᠠ ᠶᠢᠨ 11 ᠤ ᠡᠳᠦᠷ ᠢ ᠦᠨᠳᠦᠰᠤᠨ ᠤ ᠪᠠᠶᠠᠷ ᠨᠠᠭᠠᠳᠤᠮ ᠢᠶᠡᠷ ᠲᠤᠭᠳᠠᠭᠠᠪᠠ᠃ ᠨᠠᠭᠠᠳᠤᠮ ᠪᠤᠯ ᠮᠣᠩ᠋ᠭᠤᠯ ᠤᠯᠤᠰ  ᠤᠨ ᠦᠨᠳᠦᠰᠤᠨ ᠤ ᠪᠠᠶᠠᠷ ᠨᠠᠭᠠᠳᠤᠮ ᠢ ᠪᠡᠯᠭᠡᠯᠡᠬᠦ ᠠᠵᠢᠯᠯᠠᠭᠠᠨ ᠤ ᠬᠠᠮᠤᠭ ᠤᠨ ᠴᠢᠬᠤᠯᠠ ᠨᠢᠬᠡ ᠪᠦᠷᠢᠯᠳᠦᠬᠦᠨ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121308146