蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠤᠯᠤᠰ ᠤᠨ ᠦᠨᠳᠦᠰᠦᠨ ᠤ ᠪᠠᠶᠠᠷ ᠨᠠᠭᠠᠳᠤᠮ ᠤᠯᠠᠭᠠᠨᠪᠠᠭᠠᠳᠤᠷ ᠲᠤ ᠦᠨᠳᠦᠷᠯᠡᠯ ᠡ

2017-07-13 17:14

    ᠰᠢᠨᠬᠤᠸᠠ ᠬᠤᠷᠢᠶ᠎ᠠ ᠤᠯᠠᠭᠠᠨᠪᠠᠭᠠᠳᠤᠷ ᠤᠨ 7 ᠰᠠᠷ ᠠ ᠶᠢᠨ 12 ᠤᠨ ᠡᠳᠤᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠠᠰᠬᠠᠨ ) ᠮᠤᠩᠭ᠋ᠤᠯ ᠤᠯᠤᠰ ᠤᠨ ᠪᠡᠯᠭᠡ ᠲᠡᠮᠳᠡᠭ ᠪᠤᠯᠤᠭᠰᠠᠨ ᠶᠢᠰᠤᠨ ᠬᠦᠯᠳᠤ ᠴᠠᠭᠠᠨ ᠲᠤᠭ ᠢ 12 ᠤᠨ ᠤᠷᠤᠢ ᠲᠦᠪ ᠴᠡᠩᠬᠡᠯᠳᠤᠬᠦ ᠬᠦᠷᠢᠶᠡᠯᠡᠩ ᠡᠴᠡ ᠬᠠᠷᠠᠭᠤᠯ ᠴᠡᠷᠢᠭ ᠤᠨ ᠬᠠᠮᠠᠭᠠᠯᠠᠯᠳᠠ ᠲᠠᠢ ᠪᠡᠷ ᠲᠦᠷᠦ ᠶᠢᠨ ᠤᠷᠳᠤᠨ ᠳᠤ ᠵᠠᠯᠠᠬᠰᠠᠨ ᠢᠶᠡᠷ ᠮᠤᠩᠭ᠋ᠤᠯ ᠤᠯᠤᠰ ᠤᠨ ᠦᠨᠳᠦᠰᠦᠨ ᠤ ᠪᠠᠶᠠᠷ ᠨᠠᠭᠠᠳᠤᠮ ᠦᠨᠳᠦᠷᠯᠡᠯ᠎ᠠ᠃ 

    ᠰᠠᠶ᠊ᠢᠬᠠᠨ ᠲᠤᠰᠢᠶᠠᠯ ᠳᠤ ᠭᠠᠷᠤᠭᠰᠠᠨ ᠮᠤᠩᠭ᠋ᠤᠯ ᠤᠯᠤᠰ ᠤᠨ ᠶᠡᠷᠦᠩᠬᠡᠶᠢᠯᠡᠭᠴᠢ ᠪᠠᠳᠤᠳᠤᠯᠭ᠎ᠠ ᠦᠨᠳᠦᠰᠦᠨ ᠤ ᠪᠠᠶᠠᠷ ᠨᠠᠭᠠᠳᠤᠮ ᠤᠨ ᠬᠠᠭᠠᠯᠳᠠ ᠶᠢᠨ ᠶᠤᠰᠤᠯᠠᠯ ᠳᠤ᠂ ᠬᠦᠴᠦᠷᠬᠡᠭ᠌ ᠤᠯᠤᠰ ᠤᠷᠤᠨ ᠢ ᠪᠠᠶᠢᠭᠤᠯᠬᠤ ᠶᠢᠨ ᠲᠦᠯᠦᠬᠡ ᠢᠷᠭᠡᠳ ᠪᠦᠷᠢ ᠦᠪᠡᠷ ᠤᠨ ᠢᠶᠡᠨ ᠤᠶᠤᠨ ᠤᠬᠠᠭᠠᠨ ᠬᠢᠬᠡᠳ ᠪᠦᠬᠦ ᠬᠦᠴᠦᠨ ᠢᠶᠡᠨ ᠤᠯᠤᠰ ᠲᠤ ᠪᠡᠨ ᠡᠷᠭᠦᠵᠤ᠂ ᠰᠠᠶᠢᠨ ᠰᠠᠶᠢᠬᠠᠨ ᠢᠷᠡᠭᠡᠳᠤᠢ ᠶᠢ ᠪᠤᠢ ᠪᠤᠯᠭᠠᠬᠤ ᠶᠢᠨ ᠲᠦᠯᠦᠬᠡ ᠪᠢᠳᠡ ᠵᠠᠪᠠᠯ ᠪᠦᠯᠬᠦᠮᠳᠡᠨ ᠴᠢᠷᠮᠠᠶᠢᠬᠤ ᠶᠤᠰᠤᠲᠠᠢ ᠬᠡᠪᠠ᠃ ᠪᠠᠳᠤᠳᠤᠯᠭ᠎ᠠ ᠲᠤᠰᠢᠶᠠᠯ ᠳᠤ ᠪᠠᠨ ᠭᠠᠷᠤᠮᠠᠭᠴᠠ ᠰᠫᠤᠷᠲ ᠤᠨ ᠦᠢᠯᠡᠰ ᠢ ᠭᠤᠤᠯᠳᠠᠯᠭ᠎ᠠ ᠲᠠᠢ ᠲᠡᠮᠵᠢᠨ᠂ ᠤᠯᠤᠰ ᠢᠶᠡᠨ ᠰᠫᠤᠷᠲ ᠤᠨ ᠬᠦᠴᠦᠷᠭᠡᠭ ᠤᠯᠤᠰ ᠪᠤᠯᠭᠠᠬᠤ ᠶᠢ ᠲᠤᠷᠠᠤᠪᠠ᠃

    ᠲᠤᠰ ᠡᠳᠦᠷ ᠤᠨ ᠪᠦᠬᠡ ᠶᠢᠨ ᠲᠡᠮᠡᠴᠡᠬᠡᠨ ᠳᠤ᠂ ᠬᠦᠪᠰᠤᠬᠦᠯ ᠠᠶᠢᠮᠠᠭ ᠤᠨ ᠪᠦᠭᠡ ᠰᠤᠳᠨᠠᠮᠳᠤᠷᠵᠢ 9 ᠲᠠᠪᠠᠭ᠎ᠠ ᠲᠠᠪᠠᠵᠤ᠂ ᠬᠠᠮᠤᠭ ᠤᠨ ᠰᠡᠭᠦᠯᠴᠢ ᠶᠢᠨ ᠲᠠᠪᠠᠭᠠᠨ ᠳ᠋ᠦ ᠤᠪᠰᠤ ᠠᠶᠢᠮᠠᠭ ᠤᠨ ᠪᠦᠬᠡ ᠪᠠᠳᠤᠤ᠋ᠷᠤᠰᠢᠬᠤ ᠪᠠᠷ ᠲᠠᠪᠠᠵᠦ ᠠᠪᠤᠷᠭᠤ ᠪᠤᠯᠵᠠᠢ᠃

    ᠤᠶᠢᠯᠠᠭᠠᠭᠰᠠᠨ ᠢᠶᠡᠷ᠂ ᠬᠠᠭᠠᠰ ᠵᠠᠭᠤᠨ ᠤ ᠬᠦᠭ᠍ᠵᠢᠯᠳᠡ ᠬᠢᠭᠡᠳ ᠲᠡᠭᠦᠯᠳᠡᠷᠵᠢᠬᠦᠯᠤᠯᠳᠠ ᠪᠡᠷ ᠲᠠᠮᠵᠢᠨ ᠮᠤᠩᠭ᠋ᠤᠯ ᠤᠯᠤᠰ ᠤᠨ ᠦᠨᠳᠦᠰᠦᠨ ᠤ ᠪᠠᠶᠠᠷ ᠨᠠᠭᠠᠳᠤᠮ ᠨᠢ ᠬᠦᠨ ᠵᠤᠵᠠᠭᠠᠨ ᠦᠨᠳᠦᠰᠦᠳᠡᠨ ᠤ ᠤᠨᠴᠠᠯᠢᠭ ᠲᠠᠢ 《 ᠶᠡᠬᠡ ᠨᠠᠭᠠᠳᠤᠮ -- ᠮᠤᠩᠭ᠋ᠤᠯ ᠤᠯᠤᠰ ᠤᠨ ᠪᠠᠶᠠᠷ ᠤᠨ ᠡᠳᠦᠷ 》ᠪᠤᠯᠤᠨ ᠬᠦᠭ᠍ᠵᠢᠭᠰᠡᠨ ᠲᠡᠳᠤᠢ ᠦᠭᠡᠢ ᠲᠡᠯᠡᠬᠡᠢ ᠶᠢᠨ ᠡᠯ ᠡ ᠭᠠᠵᠠᠷ ᠤᠨ ᠵᠢᠭᠤᠯᠴᠢᠳ ᠤᠨ ᠠᠩᠬᠠᠷᠤᠯ ᠳ᠋ᠦ ᠬᠦᠷᠦᠭᠰᠡᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121315069