蒙古文网站Logo
ᠰᠢᠨᠬᠤᠸᠠ ᠮᠤᠩᠭ᠋ᠤᠯ ᠨᠧᠲ

ᠫᠠᠯᠧᠰᠲ᠋ᠠᠶᠢᠨ ᠤ ᠭᠠᠲᠠᠭᠠᠲᠤ ᠶᠠᠪᠤᠲᠠᠯ ᠤᠨ ᠶᠠᠮᠤᠨ ᠤ ᠰᠠᠶᠢᠳ ᠨᠠᠶᠢᠷᠠᠮᠲᠠᠯ ᠤᠨ ᠬᠡᠯᠡᠯᠴᠡᠭᠡᠷ ᠢ ᠲᠠᠬᠢᠨ ᠲᠤᠷᠠᠳᠬᠤ ᠪᠤᠯ ᠫᠠᠯᠧᠰᠲ᠋ᠠᠶᠢᠨ ᠢᠰᠷᠧᠯ ᠤᠨ ᠡᠶ᠎ᠡ ᠨᠠᠶᠢᠷᠠᠮᠲᠠᠭᠤ ᠪᠤᠯᠬᠤ ᠶᠢᠨ ᠭᠠᠭᠴᠠᠬᠠᠨ ᠠᠷᠭ᠎ᠠ ᠭᠡᠪᠡ

2017-07-17 11:53

    ᠰᠢᠨᠬᠤᠧᠠ ᠬᠤᠷᠢᠶ᠎ᠠ   ᠷᠠᠮᠠᠨᠯᠠ ᠶᠢᠨ 7 ᠰᠠᠷ᠎ᠠ ᠶᠢᠨ 16 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠶᠠᠩ ᠶᠤᠧᠠᠨ ᠶᠤᠧᠠᠨ᠂ ᠵᠤᠤ ᠶᠦᠧᠧ ) 16 ᠤ ᠡᠲᠦᠷ᠂ ᠫᠠᠯᠧᠰᠲ᠋ᠠᠶᠢᠨ ᠤ ᠭᠠᠲᠠᠭᠠᠲᠤ ᠶᠠᠪᠤᠲᠠᠯ ᠤᠨ ᠶᠠᠮᠤᠨ ᠤ ᠰᠠᠶᠢᠳ ᠶᠤᠷᠲᠠᠨ ᠭᠤᠤᠯ ᠤᠨ ᠪᠠᠷᠠᠭᠤᠨ ᠡᠷᠬᠢ ᠶᠢᠨ ᠬᠤᠲᠠ ᠷᠠᠮᠠᠨᠯᠠ ᠳ᠋ᠤ ᠰᠢᠨᠬᠤᠧᠠ ᠬᠤᠷᠢᠶ᠎ᠠ ᠶᠢᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠨ ᠨᠠᠶᠢᠷᠠᠮᠲᠠᠯ ᠤᠨ ᠬᠡᠯᠡᠯᠴᠡᠭᠡᠷ ᠢ ᠲᠠᠬᠢᠨ ᠲᠤᠷᠠᠳᠬᠤ ᠪᠤᠯ ᠫᠠᠯᠧᠰᠲ᠋ᠠᠶᠢᠨ ᠢᠰᠷᠧᠯ ᠤᠨ ᠡᠶ᠎ᠡ ᠨᠠᠶᠢᠷᠠᠮᠲᠠᠭᠤ ᠪᠤᠯᠬᠤ ᠶᠢᠨ ᠭᠠᠭᠴᠠᠬᠠᠨ ᠠᠷᠭ᠎ᠠ ᠪᠤᠯᠬᠤ ᠶᠤᠮ᠋ ᠭᠡᠵᠡᠢ᠃ ᠲᠡᠷᠡᠪᠡᠷ ᠫᠠᠯᠧᠰᠲ᠋ᠠᠶᠢᠨ ᠤ ᠲᠠᠯ᠎ᠠ ᠶᠢᠨ ᠬᠢᠨ ᠨᠠᠶᠢᠷᠠᠮᠲᠠᠯ ᠤᠨ ᠬᠡᠯᠡᠯᠴᠡᠭᠡᠷ ᠢ ᠰᠡᠷᠬᠦᠭᠡᠬᠦ ᠵᠤᠭᠰᠤᠯᠲᠠ ᠪᠤᠯ ᠲᠤᠲᠤᠷᠬᠠᠢ᠂ ᠲᠠᠷᠤᠢ ᠢᠰᠷᠧᠯ ᠢᠪᠷᠠᠶᠢᠴᠤᠳ ᠤᠨ ᠤᠷᠤᠨ ᠰᠠᠭᠤᠴᠠ ᠪᠠᠶᠢᠭᠤᠯᠬᠤ ᠪᠠᠨ ᠵᠤᠭᠰᠤᠨ᠂ 《ᠬᠤᠶᠠᠷ ᠤᠯᠤᠰ ᠤᠨ ᠲᠦᠰᠦᠯ》  ᠢ᠋ ᠴᠢᠩᠭ᠋᠎ᠠ ᠵᠢᠷᠤᠮᠯᠠᠬᠤ ᠬᠡᠷᠡᠭᠲᠡᠢ᠃ ᠮᠦᠨ ᠬᠤᠶᠠᠷ ᠤᠯᠤᠰ ᠤᠨ ᠨᠠᠶᠢᠷᠠᠮᠲᠠᠯ ᠤᠨ ᠬᠡᠯᠡᠯᠴᠡᠭᠡᠷ ᠰᠡᠷᠭᠦᠭᠡᠬᠦ ᠳ᠋ᠤ ᠲᠤᠲᠤᠷᠬᠠᠢ ᠦᠵᠡᠯᠲᠡ ᠲᠤᠷᠠᠳᠬᠤ ᠶᠢ ᠠᠮᠧᠷᠢᠺᠠ ᠶᠢᠨ ᠬᠢᠨ ᠳ᠋ᠤ ᠬᠦᠰᠡᠪᠡ᠃᠋᠌

    ᠰᠡᠬᠦᠯ ᠤᠨ ᠦᠶ᠎᠎ᠠ ᠳ᠋ᠤ ᠬᠤᠶᠠᠷ ᠤᠯᠤᠰ ᠢᠶᠡᠷ ᠢᠶᠡᠨ ᠲᠤᠭᠲᠠᠭᠰᠠᠨ ᠡᠷᠴᠢᠮ ᠬᠦᠴᠦ ᠪᠠ ᠴᠡᠩᠬᠡᠭ᠌ ᠤᠰᠤᠨ ᠤ ᠬᠠᠩᠭ᠋ᠠᠯᠭ᠎ᠠ ᠬᠡᠷᠡᠭᠴᠡᠭᠡᠨ ᠤ ᠬᠡᠯᠡᠯᠴᠡᠭᠡᠷ ᠨᠢ ᠨᠠᠶᠢᠷᠠᠮᠲᠠᠯ ᠢ ᠰᠡᠷᠭᠦᠭᠡᠬᠦ ᠬᠡᠯᠡᠯᠴᠡᠭᠡᠷ ᠲᠠᠢ ᠬᠠᠮᠢᠶ᠎ᠠ ᠦᠭᠡᠢ᠂ ᠡᠨᠡᠬᠦ ᠬᠡᠯᠡᠯᠴᠡᠭᠡᠷ ᠲᠤ ᠫᠠᠯᠧᠰᠲ᠋ᠠᠶᠢᠨ ᠵᠢᠯ ᠪᠦᠷᠢ 4200 ᠲᠦᠮᠡᠨ ᠡᠸᠦ᠋ᠷᠤ᠋ ᠪᠡᠷ ᠢᠰᠷᠧᠯ ᠤᠨ ᠡᠷᠴᠢᠮ ᠬᠦᠴᠦ ᠶᠢ ᠬᠤᠲᠠᠯᠲᠤᠨ ᠠᠪᠬᠤ ᠪᠤᠯᠤᠨ᠎ᠠ᠃ ᠢᠰᠷᠧᠯ 3200 ᠲᠦᠮᠡᠨ ᠺᠦᠪ ᠮᠧᠲ᠋ᠷ ᠤᠨ ᠴᠡᠩᠬᠡᠭ᠌ ᠤᠰᠤ ᠪᠠᠨ ᠫᠠᠯᠧᠰᠲ᠋ᠠᠶᠢᠨ ᠳ᠋ᠤ ᠬᠤᠲᠠᠯᠲᠤᠨ ᠦᠭᠴᠤ ᠡᠤᠰᠤᠨ ᠤ ᠡᠬᠢ ᠪᠠᠶᠠᠯᠢᠭ ᠤᠨ ᠬᠢᠮᠤᠷᠠᠯ ᠢ ᠨᠢ ᠨᠠᠮᠲᠠᠭᠠᠬᠤ ᠪᠤᠯᠤᠨ᠎ᠠ᠃

    2013 ᠤᠨ ᠤ 7 ᠰᠠᠷ᠎ᠠ ᠳ᠋ᠤ᠂ ᠫᠠᠯᠧᠰᠲ᠋ᠠᠶᠢᠨ ᠢᠰᠷᠧᠯ ᠤ᠋ᠨ 3 ᠵᠢᠯ ᠲᠠᠰᠤᠯᠤᠭᠲᠠᠭᠰᠠᠨ ᠨᠠᠶᠢᠷᠠᠮᠲᠠᠯ ᠤᠨ ᠬᠡᠯᠡᠯᠴᠡᠭᠡᠷ ᠰᠡᠷᠭᠦᠭᠡᠭ᠍ᠲᠡᠭᠰᠡᠨ ᠴᠤ ᠢᠪᠷᠠᠶᠢᠴᠤᠳ ᠤᠨ ᠤᠷᠤᠨ ᠰᠠᠭᠤᠴᠠ ᠵᠡᠷᠭᠡ ᠠᠰᠠᠭᠤᠲᠠᠯ ᠳ᠋ᠤ ᠵᠦᠷᠢᠴᠡᠯ ᠲᠠᠢ ᠪᠤᠯᠵᠤ᠂ 2014 ᠤᠨ ᠤ 4 ᠰᠠᠷ᠎ᠠ ᠳ᠋ᠤ ᠲᠠᠬᠢᠨ ᠲᠠᠰᠤᠯᠤᠭᠲᠠᠨ᠂ ᠤᠲᠤ ᠪᠤᠯᠲᠠᠯ᠎ᠠ ᠰᠡᠷᠭᠦᠭᠡᠲᠦᠢ ᠪᠠᠶᠢᠭᠰᠠᠭᠠᠷ᠃

    

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121331029