蒙古文网站Logo
ᠰᠢᠨᠬᠤᠸᠠ ᠮᠤᠩᠭ᠋ᠤᠯ ᠨᠧᠲ

ᠠᠮᠧᠷᠢᠺᠠ ᠢᠷᠭᠡᠳ ᠤᠨ ᠢᠶᠡᠨ ᠰᠤᠯᠤᠩᠭ᠋ᠤᠰ ᠲᠤ ᠵᠢᠭᠤᠯᠴᠢᠯᠠᠬᠤ ᠡᠴᠡ ᠲᠠᠲᠠᠭᠠᠯᠵᠠᠵᠤ ᠪᠠᠶᠢᠨ᠎ᠠ

2017-07-24 10:36

    ᠦᠩᠭᠡᠷᠡᠭᠰᠡᠨ ᠭᠠᠷᠠᠭ ᠤᠨ ᠲᠠᠪᠤᠨ ᠤ ᠡᠲᠦᠷ ᠠᠮᠧᠷᠢᠺᠠ ᠶᠢᠨ ᠶᠡᠷᠦᠩᠬᠡᠶᠢᠯᠡᠭᠴᠢ ᠲᠧᠷᠠᠮᠫ ᠠᠮᠧᠷᠢᠺᠡᠴᠤᠳ ᠢ ᠰᠤᠯᠤᠩᠭ᠋ᠤᠰ ᠲᠤ ᠵᠢᠭᠤᠯᠴᠢᠯᠠᠬᠤ ᠡᠴᠡ ᠲᠠᠲᠠᠭᠠᠯᠵᠠᠬᠤ ᠬᠡᠷᠡᠭᠲᠡᠢ ᠭᠡᠵᠡᠢ᠃ ᠡᠮᠦᠨᠡᠬᠡᠨ ᠠᠮᠧᠷᠢᠺᠠ ᠶᠢᠨ ᠲᠦᠷᠦ ᠶᠢᠨ ᠶᠠᠪᠤᠲᠠᠯ ᠤᠨ ᠬᠤᠷᠢᠶ᠎ᠠ 5 ᠰᠠᠷ᠎ᠠ ᠶᠢᠨ 9 ᠤ ᠡᠲᠦᠷ ᠰᠤᠯᠤᠩᠭ᠋ᠤᠰ ᠲᠤ ᠵᠢᠭᠤᠯᠴᠢᠯᠠᠬᠤ ᠰᠡᠷᠡᠮᠵᠢᠬᠦᠯᠦᠯ ᠵᠠᠷᠯᠠᠵᠠᠢ᠃

    ᠠᠮᠧᠷᠢᠺᠠ ᠶᠢᠨ ᠲᠦᠷᠦ ᠶᠢᠨ ᠶᠠᠪᠤᠲᠠᠯ ᠤᠨ ᠬᠤᠷᠢᠶ᠎ᠠ ᠢᠯᠡᠷᠬᠡᠶᠢᠯᠡᠯᠲᠡ ᠨᠡᠶᠢᠲᠡᠯᠡᠵᠦ᠂ ᠲᠦᠷᠦ ᠶᠢᠨ ᠶᠠᠪᠤᠲᠠᠯ ᠤᠨ ᠰᠠᠶᠢᠳ ᠡᠴᠡ ᠠᠮᠧᠷᠢᠺᠠ ᠶᠢᠨ ᠫᠠᠰᠫᠤᠷᠲ ᠢ ᠬᠡᠷᠡᠭᠯᠡᠵᠦ ᠰᠤᠯᠤᠩᠭ᠋ᠤᠰ ᠲᠤ ᠵᠤᠷᠴᠢᠬᠤ᠂ ᠲᠠᠮᠵᠢᠬᠤ ᠪᠤᠶᠤ ᠵᠢᠭᠤᠯᠴᠢᠯᠠᠬᠤ ᠠᠮᠧᠷᠢᠺᠠ ᠶᠢᠨ ᠢᠷᠭᠡᠨ ᠢ ᠲᠠᠲᠠᠭᠠᠯᠵᠠᠬᠤ ᠵᠠᠷᠯᠢᠭ ᠪᠠᠭᠤᠯᠭᠠᠭᠰᠠᠨ ᠭᠡᠵᠡᠢ᠃ ᠬᠡᠲᠦᠶᠢᠪᠡᠷ ᠲᠦᠷᠦ ᠶᠢᠨ ᠶᠠᠪᠤᠲᠠᠯ ᠬᠤᠷᠢᠶ᠎ᠠ ᠡᠴᠡ ᠰᠠᠨᠠᠭᠤᠯᠬᠤ ᠪᠤᠶᠤ ᠰᠡᠷᠡᠮᠵᠢᠯᠡᠬᠦᠯᠵᠦ ᠪᠠᠶᠢᠭᠰᠠᠨ ᠴᠤ ᠪᠦᠷ ᠰᠠᠨᠠᠭᠤᠯᠬᠤ ᠬᠦᠷᠢᠶᠠᠨ ᠳ᠋ᠤ ᠪᠠᠶᠢᠭᠰᠠᠨ ᠶᠤᠮ᠃ ᠠᠮᠧᠷᠢᠺᠠ ᠶᠢᠨ ᠢᠷᠭᠡᠨ ᠢ ᠵᠠᠷᠢᠮ ᠤᠯᠤᠰ ᠤᠷᠤᠨ ᠬᠤᠷᠢᠭ᠎ᠠ ᠴᠡᠭᠡᠷ ᠲᠠᠯᠪᠢᠬᠤ ᠨᠢ ᠲᠤᠬᠠᠢ ᠢᠢᠨ ᠤᠯᠤᠰ ᠤᠷᠤᠨ ᠰᠢᠢᠳᠪᠦᠷᠢ ᠪᠠᠢᠢᠬᠰᠠᠨ ᠡᠴᠡ  ᠪᠢᠰᠢ ᠠᠮᠧᠷᠢᠺᠠ ᠶᠢᠨ ᠲᠦᠷᠦ ᠶᠢᠨ ᠶᠠᠪᠤᠲᠠᠯ ᠤᠨ ᠬᠤᠷᠢᠶ᠎ᠠ ᠶᠢᠨ ᠪᠢᠰᠢ ᠪᠠᠢᠢᠳᠠᠬ ᠪᠠᠢᠢᠪᠠ ᠃

    ᠡᠨᠡᠬᠦ ᠮᠡᠲᠡᠭᠡᠯᠡᠯ ᠭᠠᠷᠤᠭᠰᠠᠨ ᠤ ᠬᠡᠲᠦᠨ ᠴᠠᠭ ᠤᠨ ᠲᠠᠷᠠᠭ᠎ᠠ ᠠᠮᠧᠷᠢᠺᠠ ᠶᠢᠨ ᠲᠠᠩᠨᠠᠭᠤᠯ ᠤᠨ ᠲᠤᠪᠴᠢᠶᠠᠨ ᠤ ᠲᠠᠷᠤᠭ᠎ᠠ ᠠᠮᠧᠷᠢᠺᠠ ᠤᠲᠤ ᠶᠠᠭ ᠰᠤᠯᠤᠩᠭ᠋ᠤᠰ ᠤᠨ ᠲᠦᠷᠦ ᠶᠢᠨ ᠡᠷᠬᠡ ᠶᠢ ᠬᠤᠪᠢᠷᠠᠭᠤᠯᠬᠤ ᠠᠰᠠᠭᠤᠲᠠᠯ ᠢ ᠪᠤᠲᠤᠯᠬᠢᠯᠠᠵᠤ ᠪᠠᠶᠢᠨ᠎ᠠ᠃ ᠶᠡᠷᠦᠩᠬᠡᠶᠢᠯᠡᠭᠴᠢ ᠴᠦᠮ᠎ᠡ ᠶᠢᠨ ᠵᠡᠪᠰᠡᠭ ᠪᠠ 《ᠲᠡᠭᠦᠨ ᠢ ᠡᠵᠡᠮᠰᠢᠵᠦ ᠪᠦᠬᠦᠢ ᠬᠦᠮᠦᠨ》 ᠢ ᠰᠠᠯᠭᠠᠬᠤ ᠲᠦᠰᠦᠯ ᠵᠤᠬᠢᠶᠠᠬᠤ ᠶᠢ ᠨᠠᠳᠠ ᠳ᠋ᠦ ᠨᠠᠶᠢᠲᠠᠭᠰᠠᠨ ᠭᠡᠵᠡᠢ᠃

    ᠦᠩᠭᠡᠷᠡᠭᠰᠡᠨ ᠭᠠᠷᠠᠭ ᠲᠤ ᠰᠤᠯᠤᠩᠭ᠋ᠤᠰ ᠤᠨ ᠠᠰᠠᠭᠤᠲᠠᠯ ᠤᠨ ᠠᠮᠧᠷᠢᠺᠠ ᠶᠢᠨ ᠤᠨᠴᠠ ᠡᠯᠴᠢᠨ ᠪᠢᠷᠮᠠ ᠳ᠋ᠤ ᠬᠠᠮᠢᠶᠠᠲᠠᠢ ᠲᠠᠯ᠎ᠠ ᠶᠢᠨ ᠬᠢᠨ ᠲᠠᠢ ᠠᠭᠤᠯᠵᠠᠨ ᠠᠮᠧᠷᠢᠺᠠ ᠶᠢᠨ ᠲᠠᠯ᠎ᠠ ᠰᠤᠯᠤᠩᠭ᠋ᠤᠰ ᠪᠠ ᠪᠢᠷᠮᠠ ᠶᠢᠨ ᠬᠠᠷᠢᠴᠠᠭᠠᠨ ᠤ ᠲᠤᠬᠠᠢ ᠰᠠᠨᠠᠭ᠎ᠠ ᠪᠤᠯᠵᠤ ᠪᠠᠶᠢᠬᠤ ᠪᠠᠨ ᠢᠯᠡᠷᠬᠡᠶᠢᠯᠡᠪᠡ᠃ ᠠᠮᠧᠷᠢᠺᠠ ᠶᠢᠨ ᠨᠢᠭᠡ ᠠᠯᠪᠠᠨ ᠲᠤᠰᠢᠶᠠᠯᠲᠠᠨ ᠤ ᠶᠠᠷᠢᠬᠤ ᠪᠡᠷ᠂ ᠪᠢᠷᠮᠠ ᠶᠢᠨ ᠴᠡᠷᠢᠭ ᠤᠨ ᠲᠠᠯ᠎ᠠ ᠶᠢᠨ ᠬᠢᠨ ᠰᠤᠯᠤᠩᠭ᠋ᠤᠰ ᠲᠠᠢ ᠬᠠᠷᠢᠯᠴᠠᠭ᠎ᠠ ᠲᠡᠢ ᠪᠠᠶᠢᠲᠠᠭ ᠭᠡᠵᠡᠢ᠃

ᠢᠷᠡᠯᠳᠡ᠄ ᠯᠠᠪᠯᠠᠯᠲᠠ ᠶᠢᠨ ᠮᠡᠲᠡᠭᠡ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121369325