蒙古文网站Logo
ᠰᠢᠨᠬᠤᠸᠠ ᠮᠤᠩᠭ᠋ᠤᠯ ᠨᠧᠲ

70 ᠢᠷᠭᠡᠨ ᠪᠠᠷᠢᠴᠠᠭᠠᠯᠠᠭᠲᠠᠵᠤ 7 ᠢᠷᠭᠡᠨ ᠬᠤᠷᠤᠭᠠᠭᠲᠠᠭᠰᠠᠨ ᠭᠡᠵᠦ ᠠᠹᠭᠠᠨᠢᠰᠲ᠋ᠠᠨ ᠤ ᠬᠢᠨ ᠤᠨᠴᠠᠯᠠᠯ᠎ᠠ

2017-07-24 10:39

    ᠰᠢᠨᠬᠤᠧᠠ ᠬᠤᠷᠢᠶ᠎ᠠ   ᠺᠠᠪᠦ᠋ᠯ ᠤᠨ 7 ᠰᠠᠷ᠎ᠠ ᠶᠢᠨ 23 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠦ ᠱᠦ ᠴᠢᠶᠦ᠋ᠨ᠂ ᠳ᠋ᠠᠢ ᠡᠾᠧ ) 23 ᠤ ᠡᠲᠦᠷ ᠠᠹᠭᠠᠨᠢᠰᠲ᠋ᠠᠨ ᠤ ᠡᠮᠦᠨᠡᠲᠦ ᠬᠡᠰᠡᠭ ᠤᠨ ᠺᠠᠨᠳ᠋ᠠᠬᠠᠷ ᠮᠤᠵᠢ ᠶᠢᠨ ᠴᠠᠭᠲᠠᠭᠠᠨ ᠤ ᠬᠢᠨ ᠰᠢᠨᠬᠤᠧᠠ ᠬᠤᠷᠢᠶᠠᠨ ᠤ ᠰᠤᠷᠪᠤᠯᠵᠢᠯᠠᠭᠴᠢ ᠳ᠋ᠤ ᠤᠨᠴᠠᠯᠠᠬᠤ ᠳ᠋ᠠᠭᠠᠨ ᠰᠡᠬᠦᠯ ᠤᠨ ᠦᠶ᠎ᠠ ᠳ᠋ᠤ ᠲᠤᠬᠠᠢ ᠶᠢᠨ ᠤᠷᠤᠨ ᠤ 70 ᠢᠷᠭᠡᠨ ᠪᠠᠷᠢᠴᠠᠭᠠᠯᠠᠭᠲᠠᠵᠤ 7 ᠢᠷᠭᠡᠨ ᠬᠤᠷᠤᠭᠠᠭᠲᠠᠭᠰᠠᠨ ᠭᠡᠵᠡᠢ᠃

    ᠲᠤᠬᠠᠢ ᠶᠢᠨ ᠤᠷᠤᠨ ᠤ ᠢᠷᠭᠡᠳ ᠪᠠ ᠴᠠᠭᠲᠠᠭᠠᠨ ᠤ ᠬᠢᠨ ᠲᠠᠯᠢᠪᠠᠨ ᠢ ᠪᠠᠷᠢᠴᠠᠭᠠᠯᠠᠭᠰᠠᠨ ᠭᠡᠵᠦ ᠵᠢᠮᠡᠯᠡᠵᠦ ᠪᠠᠶᠢᠨ᠎ᠠ᠃ ᠭᠡᠪᠡᠴᠦ ᠤᠲᠤᠬᠠᠨ ᠪᠤᠯᠲᠠᠯ᠎ᠠ ᠶᠠᠮᠠᠷ ᠴᠤ ᠵᠤᠬᠢᠶᠠᠨ ᠪᠠᠶᠢᠭᠤᠯᠤᠯᠲᠠ ᠪᠠᠷᠢᠴᠠᠭᠠᠯᠠᠭᠰᠠᠨ ᠲᠤᠬᠠᠢ ᠬᠠᠷᠢᠴᠠᠭᠤᠯᠭ᠎ᠠ ᠡᠭᠦᠷᠭᠡᠯᠡᠨ᠎ᠡ ᠭᠡᠵᠦ ᠶᠠᠷᠢᠭ᠎ᠠ ᠦᠭᠡᠢ᠃

    23 ᠤ ᠡᠲᠦᠷ ᠠᠹᠭᠠᠨᠢᠰᠲ᠋ᠠᠨ ᠤ ᠲᠤᠰᠠᠬ᠋ᠠᠷ ᠬᠦᠮᠦᠨ ᠤ ᠡᠷᠬᠡ ᠶᠢᠨ ᠵᠦᠪᠯᠡᠯ ᠬᠠᠮᠢᠶ᠎ᠠ ᠲᠠᠢ ᠰᠠᠯᠠᠭ᠎ᠠ ᠮᠦᠴᠢᠷ ᠤᠨ ᠬᠢᠨ ᠢ ᠪᠠᠷᠢᠴᠠᠭᠠᠯᠠᠭᠲᠠᠭᠰᠠᠳ ᠢ ᠠᠪᠤᠷᠠᠵᠤ ᠬᠡᠷᠡᠭ ᠲᠤ ᠬᠤᠯᠪᠤᠭᠲᠠᠭᠰᠠᠳ ᠢ ᠬᠠᠦᠯᠢ ᠶᠢᠨ ᠲᠠᠭᠠᠤ ᠴᠢᠩᠭ᠋᠎ᠠ ᠰᠢᠢᠳᠭᠡᠬᠦ ᠬᠡᠷᠡᠭᠲᠡᠢ ᠭᠡᠵᠦ ᠢᠯᠡᠷᠬᠡᠶᠢᠯᠡᠪᠡ᠃

    ᠡᠨᠡ ᠰᠠᠷ᠎ᠠ ᠶᠢᠨ 17 ᠤ ᠡᠲᠦᠷ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠠᠹᠭᠠᠨᠢᠰᠲ᠋ᠠᠨ ᠢ ᠲᠤᠰᠠᠯᠠᠬᠤ ᠪᠠᠭ ᠤᠨ ᠬᠢᠨ ᠢᠯᠡᠷᠬᠡᠶᠢᠯᠡᠯᠲᠡ ᠨᠡᠶᠢᠲᠡᠯᠡᠵᠦ᠂ ᠠᠹᠭᠠᠨᠢᠰᠲ᠋ᠠᠨ ᠤ ᠠᠮᠤᠷ ᠲᠦᠪᠰᠢᠨ ᠠᠶᠤᠯᠬᠦᠢ ᠶᠢᠨ ᠪᠠᠶᠢᠲᠠᠯ ᠮᠦᠨ ᠯᠡ ᠬᠡᠴᠡᠬᠦᠦ ᠪᠠᠶᠢᠵᠤ ᠰᠢᠷᠦᠬᠦᠨ ᠮᠦᠷᠬᠦᠯᠲᠦᠭᠡᠨ ᠪᠤᠶᠤ ᠲᠠᠭᠠᠷᠢᠯᠲᠠ ᠳ᠋ᠤ 1662 ᠢᠷᠭᠡᠨ ᠠᠮᠢ ᠨᠠᠰᠤ ᠪᠠᠨ ᠠᠯᠲᠠᠵᠤ᠂ 3581 ᠢᠷᠭᠡᠨ ᠰᠢᠷᠬᠠᠲᠤᠪᠡ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121369341